ᠾᠦᠢ ᠵᠧᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠄ ᠲᠠᠷᠢᠶᠠᠯᠠᠩ ᠤᠨ ᠮᠠᠰᠢᠨ ᠤ ᠪᠠᠶᠢᠴᠠᠭᠠᠯᠲᠠ ᠶᠢ ᠬᠥᠳᠡᠭᠡ ᠬᠦᠷᠭᠡᠵᠦ    ᠦᠢᠯᠡᠳᠪᠦᠷᠢᠯᠡᠯ ᠤᠨ ᠠᠮᠤᠷ ᠲᠦᠪᠰᠢᠨ ᠳᠤ ᠬᠦᠴᠦᠨ  ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/20
       3 ᠰᠠᠷ᠎ᠠ ᠶᠢᠨ 17 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ ᠾᠦᠢ ᠵᠧᠤ ᠵᠡᠭᠡᠯᠢ ᠭᠤᠳᠤᠮᠵᠢ ᠶᠢᠨ  ᠬᠡᠷᠡᠭ ᠡᠷᠬᠢᠯᠡᠬᠦ ᠭᠠᠵᠠᠷ ᠤᠨ ᠯᠠᠮᠠ ᠶᠢᠨ ᠬᠤᠸᠠ ᠲᠣᠰᠬᠤᠨ ᠳᠤ ᠬᠦᠷᠴᠦ ᠲᠠᠷᠢᠶᠠᠯᠠᠩ ᠤᠨ ᠮᠠᠰᠢᠨ ᠪᠠᠭᠠᠵᠢ ᠶᠢᠨ ︽  ᠪᠠᠶᠢᠴᠠᠭᠠᠯᠲᠠ ᠶᠢ ᠬᠥᠳᠡᠭᠡ ᠬᠦᠷᠭᠡᠬᠦ︾ ᠠᠵᠢᠯᠯᠠᠭ᠎ᠠ ᠥᠷᠨᠢᠭᠦᠯᠵᠦ᠂ ᠲᠣᠰ ᠲᠣᠰᠬᠤᠨ ᠤ ᠲᠣᠮᠣ ᠳᠤᠮᠳᠠ ᠬᠡᠯᠪᠡᠷᠢ ᠶᠢᠨ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ ᠢ ᠲᠥᠪᠯᠡᠷᠡᠭᠦᠯᠦᠨ ᠬᠢᠨᠠᠨ ᠰᠢᠯᠭᠠᠵᠤ᠂ ᠮᠠᠰᠢᠨ ᠲᠡᠷᠭᠡ ᠶᠢ ᠬᠢᠨᠠᠨ ᠪᠠᠶᠢᠴᠠᠭᠠᠬᠤ ᠳᠤ ︽ᠭᠦᠶᠦᠬᠦ ᠥᠬᠡᠶ︾ ︽ᠣᠶᠢᠷ᠎ᠠ ᠬᠠᠪᠢ ᠳᠠᠭᠠᠨ ᠭᠦᠢᠴᠡᠳᠭᠡᠬᠦ︾ ᠶᠢ ᠪᠡᠶᠡᠯᠡᠭᠦᠯᠵᠦ᠂ ᠦᠢᠯᠡᠴᠢᠯᠡᠭᠡ ᠶᠢ ᠨᠠᠩ ᠲᠥᠬᠦᠮ᠂ ᠨᠠᠩ ᠳᠣᠲᠣᠨᠣ ᠪᠣᠯᠭᠠᠪᠠ᠃     ᠯᠠᠮᠠ ᠶᠢᠨ ᠬᠤᠸᠠ ᠲᠣᠰᠬᠤᠨ ᠤ ᠠᠷᠠᠳ ᠤᠨ ᠵᠥᠪᠯᠡᠯ ᠤᠨ ᠶᠡᠭᠡ ᠬᠦᠷᠢᠶᠡᠨ ᠳᠤ᠂ ᠰᠢᠯᠭᠠᠨ ᠪᠠᠶᠢᠴᠠᠭᠠᠬᠤ ᠲᠡᠷᠭᠡ ᠬᠥᠰᠬᠡ ᠶᠢ ᠪᠦᠬᠦᠨ ᠢ ᠲᠤᠬᠠᠶ ᠶᠢᠨ ᠭᠠᠵᠠᠷ ᠲᠤᠨᠢ ᠰᠢᠯᠭᠠᠨ ᠪᠠᠶᠢᠴᠠᠭᠠᠵᠤ᠂ ᠰᠢᠯᠭᠠᠨ ᠪᠠᠶᠢᠴᠠᠭᠠᠬᠤ ᠳᠤ ᠣᠷᠣᠯᠴᠠᠭᠰᠠᠨ ᠠᠵᠢᠯᠲᠠᠳ ᠰᠢᠯᠭᠠᠨ ᠪᠠᠶᠢᠴᠠᠭᠠᠬᠤ ᠲᠠᠰ ᠳᠠᠷᠠᠭᠠᠯᠠᠯ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ︽ᠳᠥᠷᠪᠡ ᠶᠢ ᠵᠣᠯᠭᠠᠭᠤᠯᠬᠤ︾  ᠂  ᠳᠠᠷᠤᠢ ᠄ ᠮᠠᠰᠢᠨ ᠂ ᠦᠨᠡᠮᠯᠡᠯ ᠂ ᠫᠠᠶᠢᠰᠠ ᠂ ᠬᠥᠮᠦᠨ ᠪᠦᠷ ᠭᠦᠢᠴᠡᠳ ᠪᠠᠶᠢᠬᠤ ᠬᠡᠷᠡᠭᠲᠡᠢ ᠃ ᠲᠠᠪᠤᠨ ᠴᠡᠪᠡᠷᠬᠡᠨ ᠳᠥᠷᠪᠡ ᠶᠢ ᠣᠷᠬᠢᠭᠳᠠᠭᠤᠯᠬᠤ ᠥᠬᠡᠶ ᠪᠠᠶᠢᠬᠤ ᠱᠠᠭᠠᠷᠳᠠᠯᠭ᠎ᠠ ᠶᠣᠰᠣᠭᠠᠷ᠂ ᠲᠠᠷᠢᠶᠠᠯᠠᠩ ᠳᠤ ᠬᠡᠷᠡᠭᠯᠡᠬᠦ ᠮᠠᠰᠢᠨ ᠲᠡᠷᠭᠡᠨ ᠤ ᠭᠠᠳᠠᠷ ᠦᠵᠡᠮᠵᠢ᠂ ᠶᠠᠪᠤᠬᠤ ᠰᠢᠰᠲ᠋ᠧᠮ᠂ ᠲᠣᠷᠣᠮᠰᠤᠯᠠᠬᠤ ᠰᠢᠰᠲ᠋ᠧᠮ᠂ ᠬᠥᠳᠡᠯᠭᠡᠭᠦᠷ ᠮᠠᠰᠢᠨ᠂ ᠭᠡᠷᠡᠯᠲᠦᠭᠦᠯᠭᠡ ᠶᠢᠨ ᠰᠢᠰᠲ᠋ᠧᠮ᠂ ᠬᠡᠷᠡᠯ ᠣᠶᠢᠯᠭᠠᠬᠤ ᠪᠦᠷᠬᠦᠭᠦᠯ ᠤᠨ ᠨᠠᠭᠠᠯᠲᠠ᠂ ᠭᠠᠯ ᠤᠨᠲᠠᠷᠠᠭᠠᠬᠤ  ᠲᠦᠬᠦᠭᠡᠷᠦᠮᠵᠢ ᠵᠢᠴᠢ ᠵᠢᠯᠣᠭᠤᠴᠢ ᠶᠢᠨ ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ ᠵᠡᠷᠭᠡ ᠭᠤᠤᠯᠳᠠᠯᠭ᠎ᠠ ᠲᠠᠢ ᠵᠦᠢᠯ ᠳᠤ ᠳᠠᠷᠠᠭᠠᠯᠠᠨ ᠪᠠᠶᠢᠴᠠᠭᠠᠬᠤ ᠪᠠ ᠰᠢᠯᠭᠠᠨ ᠠᠪᠬᠤ ᠶᠢ ᠪᠡᠶᠡᠯᠡᠭᠦᠯᠪᠡ᠃ ᠬᠢᠨᠠᠨ ᠰᠢᠯᠭᠠᠬᠤ ᠳᠤ ᠬᠢᠷᠢ ᠲᠡᠩᠴᠡᠭᠰᠡᠨ ᠲᠷᠠᠺᠲ᠋ᠣᠷ ᠲᠤ ᠲᠤᠬᠠᠶ ᠶᠢᠨ ᠲᠠᠯᠠᠪᠤᠷ ᠲᠤ ᠬᠢᠷᠢ ᠲᠡᠩᠴᠡᠭᠰᠡᠨ ᠦᠨᠡᠮᠯᠡᠯ ᠣᠯᠭᠤᠵᠤ᠂ ᠠᠶᠤᠯ ᠥᠬᠡᠶ ᠦᠢᠯᠡᠳᠪᠦᠷᠢᠯᠡᠯ ᠤᠨ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠦᠨᠡᠨ ᠬᠦ ᠪᠠᠶᠢᠭᠤᠯᠪᠠ᠃ ᠣᠨ ᠤ ᠪᠠᠶᠢᠴᠠᠭᠠᠯᠲᠠ ᠬᠢᠬᠦ ᠶᠢᠨ ᠬᠠᠮᠲᠤ᠂ ᠠᠵᠢᠯᠲᠠᠳ ᠪᠠᠰᠠ ᠲᠠᠷᠢᠶᠠᠯᠠᠩ ᠤᠨ ᠮᠠᠰᠢᠨ ᠤ ᠠᠵᠢᠯᠲᠠᠨ ᠳᠤ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠮᠡᠳᠡᠯᠭᠡ ᠪᠠ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠲᠠᠶᠢᠯᠪᠤᠷᠢᠯᠠᠨ ᠥᠭᠴᠦ᠂ ᠣᠯᠠᠨ ᠢᠶᠠᠷ ᠢᠶᠠᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠨ᠂ ᠠᠮᠢ ᠨᠠᠰᠤ ᠶᠢ ᠬᠠᠶᠢᠷᠠᠯᠠᠨ ᠬᠠᠯᠠᠮᠵᠢᠯᠠᠵᠤ᠂ ᠪᠣᠯᠪᠠᠰᠤᠨ ᠢᠶᠠᠷ ᠭᠠᠳᠠᠭᠰᠢ ᠭᠠᠷᠴᠤ᠂ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠬᠥᠮᠦᠵᠢᠭᠦᠯᠵᠡᠶ᠃    ᠬᠠᠯᠠᠭᠤᠮᠰᠤᠭ ᠦᠢᠯᠡᠴᠢᠯᠡᠭᠡ ᠨᠢ ᠲᠠᠷᠢᠶᠠᠯᠠᠩ ᠤᠨ ᠮᠠᠰᠢᠨ ᠤ ᠡᠷᠦᠬᠡ ᠶᠢᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ︽ᠥᠩᠭᠡᠷᠡᠭᠰᠡᠨ ᠳᠤ ᠵᠥᠪᠬᠡᠨ ᠮᠠᠰᠢᠨ ᠲᠡᠷᠭᠡ ᠭᠠᠵᠠᠷ ᠪᠠᠭᠤᠵᠤ ᠠᠵᠢᠯ ᠬᠢᠵᠦ ᠳᠡᠶᠢᠯᠬᠦ ᠶᠢ ᠨᠢ ᠯᠠ ᠮᠡᠳᠡᠨ᠎ᠡ᠂ ᠥᠨᠥᠳᠦᠷ ᠤᠨ ᠲᠠᠶᠢᠯᠤᠮᠵᠢ ᠪᠠᠷ ᠳᠠᠮᠵᠢᠨ᠂ ᠪᠢ ᠰᠠᠶ᠋ᠢ ᠲᠠᠷᠢᠶᠠᠯᠠᠩ ᠤᠨ ᠮᠠᠰᠢᠨ ᠲᠡᠷᠭᠡ ᠬᠡᠷᠡᠭᠯᠡᠬᠦ ᠲᠤᠬᠠᠢ ᠪᠠᠰᠠ ᠡᠶᠢᠮᠦ ᠤᠯᠠᠨ ᠮᠡᠷᠭᠡᠵᠢᠯ ᠲᠠᠢ ᠪᠠᠶᠢᠭᠰᠠᠨ᠂ ᠥᠩᠭᠡᠷᠡᠭᠰᠡᠨ ᠳᠤ ᠵᠠᠮ ᠬᠠᠷᠢᠯᠴᠠᠭ᠎ᠠ ᠪᠠ ᠠᠮᠤᠷ ᠲᠦᠪᠰᠢᠨ ᠤ ᠠᠳᠡᠯ ᠭᠠᠷᠤᠭᠰᠠᠨ ᠦᠭᠡᠢ ᠴᠤ ᠦᠨᠡᠬᠡᠷ ᠮᠠᠰᠢ ᠠᠵᠠ ᠵᠠᠪᠰᠢᠶᠠᠨ ᠲᠠᠢ  ᠪᠠᠶᠢᠨ᠎ᠠ᠃ ᠡᠭᠦᠨ ᠠᠴᠠ ᠭᠠᠳᠠᠨ᠎ᠠ᠂ ᠲᠠᠷᠢᠶᠠᠯᠠᠩ ᠤᠨ ᠮᠠᠰᠢᠨ ᠤ ᠰᠠᠯᠠᠭ᠎ᠠ ᠮᠥᠴᠢᠷ ᠲᠣᠰᠬᠤᠨ ᠳᠤ ᠢᠷᠡᠵᠦ ᠲᠡᠷᠭᠡ ᠶᠢ ᠬᠢᠨᠠᠵᠦ ᠦᠭᠭᠦᠭᠰᠡᠨ ᠨᠢ ᠪᠢᠳᠡᠨ ᠢ ᠳᠤᠲᠠᠭᠤ ᠭᠦᠶᠦᠯᠭᠡᠭᠰᠡᠨ ᠢᠶᠠᠷ ᠪᠠᠷᠠᠬᠤ ᠦᠭᠡᠢ ᠪᠢᠳᠡᠨ ᠳᠤ ᠣᠯᠠᠨ ᠠᠷᠪᠢᠨ ᠮᠡᠳᠡᠯᠭᠡ ᠬᠠᠩᠭᠠᠭᠰᠠᠨ ᠪᠠᠶᠢᠨ᠎ᠠ︾ ᠭᠡᠵᠦ ᠯᠠᠮᠠ ᠶᠢᠨ ᠬᠤᠸᠠ ᠳᠤᠰᠬᠤᠨ ᠤ ᠯᠢ ᠠᠪᠤᠭᠠᠢ  ᠰᠡᠳᠬᠢᠯ ᠤᠨ ᠦᠬᠡ ᠪᠠᠨ  ᠶᠡᠷᠢᠨ᠎ᠠ᠃    ᠲᠤᠬᠠᠶ ᠶᠢᠨ ᠡᠳᠦᠷ᠂ ᠲᠣᠰ ᠲᠣᠰᠬᠤᠨ ᠤ 23 ᠲᠠᠷᠢᠶᠠᠯᠠᠩ ᠤᠨ ᠮᠠᠰᠢᠨ ᠤ ᠲᠡᠷᠭᠡ ᠬᠢᠨᠠᠨ ᠰᠢᠯᠭᠠᠯᠲᠠ ᠶᠢ ᠥᠩᠭᠡᠷᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号