| ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ | ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠨᠠᠰᠤᠵᠢᠯ ᠤᠨ ᠪᠠᠶᠢᠭᠤᠯᠤᠮᠵᠢ ᠶᠢᠨ | ᠵᠥᠪᠯᠡᠯᠴᠡᠭᠡᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠮᠡᠳᠡᠭᠳᠡᠯ ᠤᠨ ᠱᠠᠭᠠᠷᠳᠠᠯᠭ᠎ᠠ ᠶᠢ ᠢᠳᠡᠪᠬᠢᠲᠡᠶ | ᠴᠤᠤᠷᠢᠶᠠᠲᠤᠨ ᠳᠠᠭᠠᠵᠤ᠂ ᠠᠤᠬᠠᠨ ᠬᠤᠰᠢᠭᠤᠨ ᠤ ᠰᠢᠨ ᠾᠦᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ | ᠰᠠᠨᠠᠭᠠᠴᠢᠯᠠᠭ᠎ᠠ ᠠᠴᠠ ᠪᠠᠨ ᠰᠢᠨ ᠾᠦᠢ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠵᠣᠯᠭᠠᠭᠤᠯᠤᠨ | ᠬᠡᠯᠡᠯᠴᠡᠭᠡᠷ ᠬᠠᠮᠲᠤᠷᠠᠯᠴᠠᠭ᠎ᠠ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠨᠠᠩ | ᠳᠥᠭᠦᠮ ᠳᠥᠲᠡ ︽ᠡᠮ ᠡᠮᠨᠡᠯᠭᠡ + ᠨᠠᠰᠤᠵᠢᠯ ᠤᠨ ᠠᠰᠠᠷᠠᠮᠵᠢ︾ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡ | ᠬᠠᠩᠭᠠᠵᠤ᠂ ︽ᠨᠠᠰᠤᠲᠠᠨ ᠢ ᠠᠰᠠᠷᠠᠬᠤ ᠬᠦᠷᠢᠶᠡᠯᠡᠩ + ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ | ᠶᠢᠨ ᠨᠢᠭᠲᠠ ᠬᠡᠯᠪᠡᠷᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠰᠢᠨ᠎ᠡ ᠵᠠᠭᠪᠤᠷ ᠢ ᠪᠣᠶ ᠪᠣᠯᠭᠠᠪᠠ᠃ | ᠰᠢᠨ ᠾᠦᠢ ᠭᠤᠣᠯ ᠨᠠᠰᠤᠳᠠᠨ ᠢ ᠠᠰᠠᠷᠠᠬᠤ ᠬᠦᠷᠢᠶᠡᠯᠡᠩ ᠳᠤ ᠤᠳᠤ 91 ᠨᠠᠰᠤᠳᠠᠨ ᠲᠠᠢ ᠪᠠᠶᠢᠵᠤ᠂ | ᠨᠠᠰᠤᠳᠠᠨ ᠢ ᠠᠰᠠᠷᠡᠬᠤ ᠳᠤ ᠴᠠᠭ ᠲᠤᠬᠠᠢ ᠳᠤᠨᠢ ᠡᠮᠨᠡᠬᠦᠯᠵᠤ ᠦᠭᠬᠦ ᠶᠢ ᠪᠠᠳᠤᠯᠠᠬᠤ ᠶᠢᠨ ᠲᠦᠯᠤᠭᠡ᠂ ᠰᠢᠨ ᠾᠦᠢ | ᠭᠤᠣᠯ ᠨᠠᠰᠤᠳᠠᠨ ᠢ ᠠᠰᠠᠷᠠᠬᠤ ᠬᠦᠷᠢᠶᠡᠯᠡᠩ ᠤᠨ ᠨᠢᠭᠡᠳᠤᠭᠡᠷ ᠳᠠᠪᠬᠤᠷ ᠲᠤ ᠡᠮᠴᠢᠯᠡᠭᠡᠨ ᠤ ᠲᠤᠰᠬᠠᠢ ᠲᠤᠭᠤᠷᠢᠭ | ᠭᠠᠷᠭᠠᠵᠤ᠂ ᠡᠮᠴᠢᠯᠡᠭᠡᠨ ᠤ ᠲᠠᠰᠤᠭ᠂ ᠰᠢᠩᠭᠡᠨ ᠶᠡᠭᠦᠯᠡᠬᠦ ᠶᠡᠭᠡ ᠲᠢᠩᠭᠢᠮ᠂ ᠡᠮ ᠨᠠᠶᠢᠷᠠᠭᠤᠯᠬᠤ ᠲᠠᠰᠤᠭ᠂ ᠪᠤᠳᠤᠭᠳᠤ | ᠭᠡᠳᠤ ᠲᠤᠯᠬᠢᠶᠠᠨ ᠤ ᠲᠠᠰᠤᠭ᠂ ᠵᠢᠷᠦᠬᠡᠨ ᠤ ᠯᠣᠭᠰᠢᠯᠲᠠ ᠶᠢᠨ ᠵᠢᠷᠤᠭ ᠤᠨ ᠲᠠᠰᠤᠭ ᠪᠠ10 ᠡᠪᠡᠳᠴᠢᠲᠡᠨ ᠤ ᠣᠷᠤ | ᠲᠣᠬᠢᠷᠠᠭᠤᠯᠪᠠ᠃ ᠨᠠᠰᠤᠲᠠᠨ ᠢ ᠠᠰᠠᠷᠠᠬᠤ ᠬᠦᠷᠢᠶᠡᠯᠡᠩ ᠳᠤ ᠴᠢᠰᠤᠨ ᠤ ᠵᠤᠷᠰᠢᠯ᠂ ᠡᠯᠢᠭᠡᠨ ᠤ ᠠᠵᠢᠯᠯᠠᠭ᠎ᠠ᠂ | ᠪᠥᠭᠡᠷ᠎ᠡ ᠶᠢᠨ ᠠᠵᠢᠯᠯᠠᠭ᠎ᠠ᠂ ᠴᠢᠰᠤᠨ ᠤ ᠳᠠᠷᠤᠯᠲᠠ᠂ ᠴᠢᠰᠤᠨ ᠦᠭᠡᠬᠦ᠂ ᠴᠢᠰᠤᠨ ᠤ ᠰᠢᠬᠢᠷ᠂ ᠵᠢᠷᠦᠬᠡᠨ ᠤ | ᠯᠤᠭᠰᠢᠯᠳᠠ ᠶᠢᠨ ᠴᠠᠬᠢᠯᠭᠠᠨ ᠵᠢᠷᠤᠭ᠂ ᠳ᠋ᠤᠫᠯᠧ ᠭᠡᠳᠤ ᠲᠠᠭᠤᠨ ᠵᠡᠷᠭᠡ ᠭᠡᠪ ᠤᠨ ᠪᠠᠶᠢᠴᠠᠭᠠᠯᠳᠠ ᠶᠢᠨ ᠲᠦᠷᠦᠯ | ᠵᠦᠢᠯ ᠢ ᠬᠢᠵᠦ ᠪᠣᠯᠤᠨ᠎ᠠ᠃ ᠰᠢᠨ ᠾᠦᠢ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠡᠮᠴᠢ ᠪᠠ | ᠰᠤᠪᠢᠯᠠᠭᠴᠢ ᠶᠢ ᠲᠣᠮᠢᠯᠠᠨ ᠰᠠᠭᠤᠯᠭᠠᠵᠤ ᠰᠢᠨ ᠾᠦᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠳᠤ | ᠣᠴᠢᠭᠤᠯᠤᠨ ᠣᠷᠳᠣ ᠬᠤᠭᠤᠴᠠᠭ᠎ᠠ ᠪᠠᠷ ᠵᠢᠵᠢᠭᠦᠷᠯᠡᠵᠦ᠂ ᠲᠤᠰᠬᠠᠶ ᠮᠡᠷᠭᠡᠵᠢᠯ ᠤᠨ ᠡᠮᠴᠢ ᠰᠤᠪᠢᠯᠠᠭᠴᠢ ᠶᠢᠨ ᠪᠥᠬᠦ | ᠶᠠᠪᠤᠴᠠ ᠳᠤ ᠨᠠᠰᠤᠲᠠᠶᠢᠴᠤᠳ ᠲᠤ ᠦᠢᠯᠡᠴᠢᠯᠡᠬᠦ ᠪᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠡᠮᠴᠢ ᠠᠴᠠ | ᠲᠣᠭᠲᠠᠭᠰᠠᠨ ᠴᠠᠭ ᠲᠤ ᠲᠣᠭᠤᠷᠢᠨ ᠡᠮᠨᠡᠭᠦᠯᠵᠦ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠤᠨ | ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠪᠠ᠃ | ᠰᠢᠨ ᠾᠦᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠤᠨ ᠬᠠᠷᠢᠭᠤᠴᠠᠯᠭᠠᠲᠠᠨ ᠬᠤ᠋ ᠵᠢᠶᠠᠨ ᠹᠧᠩ᠄ ︽ | ᠨᠠᠰᠤᠲᠠᠨ ᠢ ᠠᠰᠠᠷᠠᠬᠤ ᠬᠦᠷᠢᠶᠡᠯᠡᠩ + ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ ᠶᠢᠨ ᠡᠨᠡᠬᠦ | ᠨᠢᠭᠲᠠ ᠬᠡᠯᠪᠡᠷᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠰᠢᠨ᠎ᠡ ᠵᠠᠭᠪᠤᠷ ᠢᠶᠠᠷ ᠳᠠᠮᠵᠢᠭᠤᠯᠤᠨ᠂ | ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠴᠢᠨᠠᠷ ᠰᠠᠶᠢᠲᠠᠢ ᠡᠮᠴᠢᠯᠡᠭᠡᠨ ᠤ ᠰᠢᠯᠢᠳᠡᠭ | ᠦᠢᠯᠡᠴᠢᠯᠡᠭᠡ ᠬᠦᠷᠲᠡᠭᠡᠵᠦ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠪᠠᠶᠢᠭᠤᠯᠤᠮᠵᠢ ᠶᠢᠨ ︽ᠡᠮᠴᠢᠯᠡᠭᠡ ᠳᠤᠲᠠᠭᠤ | ᠡᠮ ᠲᠤᠳᠠᠬᠳᠠᠬᠤ᠂ ᠨᠠᠰᠤᠵᠢᠯ ᠤᠨ ᠠᠰᠠᠷᠠᠮᠵᠢ ᠳᠤ ᠡᠮᠴᠢᠯᠡᠭᠡ ᠦᠭᠡᠢ︾ ᠡᠪᠡᠷᠰᠢᠶᠡᠯ ᠢ ᠪᠦᠲᠦᠮᠵᠢᠲᠡᠢ | ᠰᠢᠢᠳᠪᠦᠷᠢᠯᠡᠵᠦ᠂ ᠪᠠᠭ᠎ᠠ ᠡᠪᠡᠳᠴᠢᠨ ᠢ ᠬᠦᠷᠢᠶᠡᠯᠡᠩ ᠠᠴᠠ ᠭᠠᠷᠬᠤ ᠦᠭᠡᠢ᠂ ᠲᠦᠷᠭᠡᠨ ᠡᠪᠡᠳᠴᠢᠨ ᠢ ᠲᠦᠷᠭᠡᠨ | ᠠᠪᠤᠷᠬᠠᠤ᠂ ᠬᠦᠨᠳᠦ ᠡᠪᠡᠳᠴᠢᠨ ᠢ ᠪᠠᠲᠤᠯᠠᠭ᠎ᠠ ᠲᠠᠢ ᠪᠠᠶᠢᠯᠭᠠᠬᠤ ᠶᠢ ᠪᠡᠶᠡᠯᠡᠭᠦᠯᠵᠦ᠂ ᠡᠳᠡᠭᠡᠷ ᠥᠨᠥᠴᠢᠨ ᠪᠡᠯᠪᠡᠰᠦᠨ | ᠨᠠᠰᠤᠲᠠᠶᠢᠴᠤᠳ ᠲᠤ ᠨᠠᠮ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠠᠳᠡ ︽ᠥᠲᠡᠯᠪᠡᠯ | ᠠᠰᠠᠷᠠᠮᠵᠢ ᠲᠠᠢ᠂ ᠥᠲᠡᠯᠪᠡᠯ ᠡᠮᠨᠡᠯᠭᠡ ᠲᠠᠢ︾ ᠪᠠᠶᠢᠬᠤ ᠥᠲᠡᠯᠦᠭᠡ ᠨᠠᠰᠤᠨ ᠤ ᠬᠦᠰᠡᠯ ᠡᠷᠡᠮᠡᠯᠵᠡᠯ ᠢ ᠦᠨᠡᠨᠬᠦ | ᠭᠡᠷᠡᠴᠢᠯᠡᠪᠡ ᠭᠡᠵᠦ ᠢᠯᠡᠳᠬᠡᠪᠡ᠃ | |