ᠠᠣᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠪᠠᠶᠢᠳᠠᠯ ᠢ ᠬᠢᠨᠠᠨ ᠰᠢᠯᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2025/3/24
     ᠠᠣᠬᠠᠨ ᠬᠤᠰᠢᠭᠤᠨ ᠤ ᠬᠥᠳᠡᠯᠮᠦᠷᠢ ᠬᠦᠴᠦ ᠲᠣᠮᠢᠯᠠᠬᠤ ᠬᠢᠨᠠᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯᠴᠢᠨ ᠬᠡᠷᠡᠭᠯᠡᠬᠦ ᠶᠢ ᠵᠢᠷᠤᠮᠵᠢᠭᠤᠯᠤᠨ᠂ ᠬᠥᠳᠡᠯᠮᠦᠷᠢ ᠦᠢᠯᠡᠴᠢᠯᠡᠭᠡ ᠲᠣᠮᠢᠯᠠᠬᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠂ ᠣᠶᠢᠷ᠎ᠠ ᠳᠤ᠂ ᠠᠤᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2024 ᠣᠨ ᠤ ᠬᠥᠳᠡᠯᠮᠦᠷᠢ ᠦᠢᠯᠡᠴᠢᠯᠡᠭᠡ ᠲᠣᠮᠢᠯᠠᠬᠤ  ᠨᠢᠭᠡᠴᠡ ᠶᠢᠨ ᠡᠵᠡᠩᠨᠡᠯᠲᠡ ᠶᠢᠨ ᠪᠠᠶᠢᠳᠠᠯ ᠢ ᠬᠢᠨᠠᠨ ᠰᠢᠯᠭᠠᠬᠤ ᠠᠵᠢᠯ ᠥᠷᠨᠢᠭᠦᠯᠪᠡ᠃    ᠲᠣᠰ ᠤᠳᠠᠭᠠᠨ ᠤ ᠬᠢᠨᠠᠨ ᠰᠢᠯᠭᠠᠬᠤ ᠳᠤ ︽ᠰᠦᠯᠵᠢᠶᠡᠨ ᠳᠡᠭᠡᠷ᠎ᠡ ᠬᠢᠨᠠᠨ  ᠪᠠᠶᠢᠴᠠᠭᠠᠬᠤ + ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ︾ ᠬᠤᠶᠠᠷ ᠢ ᠤᠶᠠᠯᠳᠤᠭᠤᠯᠬᠤ ᠵᠠᠭᠪᠤᠷ ᠢ ᠬᠡᠷᠡᠭᠯᠡᠵᠦ᠂ ᠬᠥᠳᠡᠯᠮᠦᠷᠢ  ᠦᠢᠯᠡᠴᠢᠯᠡᠭᠡ ᠲᠣᠮᠢᠯᠠᠬᠤ  ᠨᠢᠭᠡᠴᠡ ᠶᠢᠨ ᠬᠢᠷᠢ ᠬᠡᠮ ᠲᠣᠭᠲᠠᠭᠠᠯ ᠳᠤ ᠨᠡᠶᠢᠴᠡᠬᠦ ᠴᠢᠨᠠᠷ᠂ ᠠᠵᠢᠯᠴᠢᠨ ᠬᠡᠷᠡᠭᠯᠡᠬᠦ ᠵᠢᠷᠤᠮᠵᠢᠯᠳᠤ ᠴᠢᠨᠠᠷ᠂ ᠡᠵᠡᠩᠨᠡᠯᠲᠡ ᠶᠢᠨ ᠦᠨᠡᠨ ᠪᠣᠳᠠᠲᠤ ᠴᠢᠨᠠᠷ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠵᠡᠷᠭᠡ ᠪᠠᠶᠢᠳᠠᠯ ᠤᠨ ᠲᠣᠭᠤᠷᠢᠨ ᠳᠤ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠪᠠ᠃    ᠬᠢᠨᠠᠨ ᠰᠢᠯᠭᠠᠬᠤ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠠᠣᠬᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠰᠢᠭᠤᠨ ᠤ 14 ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠡ ᠶᠢ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ  ᠳᠠᠮᠵᠢᠭᠤᠯᠵᠤ᠂ ᠠᠵᠤ ᠠᠬᠤᠶᠢᠯᠠᠯ ᠢ ︽ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾ ᠵᠡᠷᠭᠡ ᠬᠠᠤᠯᠢ ᠲᠣᠭᠲᠠᠭᠠᠯ ᠲᠠᠢ ᠴᠢᠩᠭ᠎ᠠ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢᠨ ᠬᠠᠮᠲᠤ ᠬᠢᠨᠠᠨ ᠰᠢᠯᠭᠠᠬᠤ ᠠᠵᠢᠯ ᠤᠨ ᠬᠠᠮᠢᠶ᠎ᠠ ᠪᠥᠬᠦᠶ ᠮᠠᠲ᠋ᠧᠷᠢᠶᠠᠯ ᠢᠶᠠᠨ ᠴᠠᠭ ᠲᠤᠬᠠᠶ ᠳᠤᠨᠢ ᠲᠤᠰᠢᠶᠠᠬᠤ ᠬᠡᠷᠡᠭᠲᠡᠶ ᠭᠡᠵᠦ ᠱᠠᠭᠠᠷᠳᠠᠪᠠ᠃    ᠬᠢᠨᠠᠨ ᠰᠢᠯᠭᠠᠬᠤ ᠶᠠᠪᠤᠴᠠ ᠳᠤ᠂ ᠬᠢᠨᠠᠨ ᠪᠠᠶᠢᠴᠠᠭᠠᠬᠤ ᠳᠤᠭᠤᠶᠢᠯᠠᠩ ᠨᠢ ᠬᠥᠳᠡᠯᠮᠦᠷᠢ  ᠦᠢᠯᠡᠴᠢᠯᠡᠭᠡ ᠲᠣᠮᠢᠯᠠᠬᠤ ᠬᠡᠯᠡᠯᠴᠡᠭᠡᠷ ᠲᠣᠭᠲᠠᠭᠰᠠᠨ ᠪᠠᠶᠢᠳᠠᠯ᠂ ᠠᠵᠢᠯᠲᠠᠨ ᠲᠣᠮᠢᠯᠠᠬᠤ ᠬᠥᠳᠡᠯᠮᠦᠷᠢ ᠶᠢᠨ ᠭᠡᠷ᠎ᠡ ᠲᠣᠭᠲᠠᠭᠰᠠᠨ ᠨᠣᠷᠮ᠎ᠠ᠂ ᠴᠠᠯᠢᠩ ᠥᠭᠭᠦᠭᠰᠡᠨ ᠲᠡᠮᠳᠡᠭᠯᠡᠯ ᠵᠢᠴᠢ ᠨᠡᠶᠢᠭᠡᠮ ᠤᠨ ᠳᠠᠭᠠᠳᠬᠠᠯ ᠤᠨ ᠲᠤᠰᠢᠶᠠᠭᠰᠠᠨ ᠭᠡᠷᠡᠴᠢ ᠪᠠᠷᠢᠮᠲᠠ ᠵᠡᠷᠭᠡ ᠲᠠᠯ᠎ᠠ ᠪᠠᠷ ᠭᠤᠤᠯᠳᠠᠯᠭ᠎ᠠ ᠪᠣᠯᠭᠠᠨ᠂ ︽ᠠᠳᠠᠯᠢ ᠠᠵᠢᠯ ᠳᠤ ᠠᠳᠠᠯᠢ ᠪᠤᠰᠤ ᠬᠥᠯᠥᠰᠥ ᠣᠯᠭᠤᠮᠵᠢ ᠣᠯᠬᠤ︾ ᠵᠢᠴᠢ ᠨᠡᠶᠢᠭᠡᠮ ᠤᠨ ᠳᠠᠭᠠᠳᠬᠠᠯ  ᠳᠤᠲᠠᠭᠤ ᠳᠤᠰᠢᠶᠠᠭᠰᠠᠨ ᠢ ᠴᠢᠩᠭ᠎ᠠ ᠪᠠᠶᠢᠴᠠᠭᠠᠪᠠ᠃ ᠡᠭᠦᠨ ᠤ ᠬᠠᠮᠲᠤ᠂ ᠡᠳ᠋ ᠤᠨ ᠶᠠᠪᠤᠳᠠᠯ ᠤᠨ ᠲᠤᠭ᠎ᠠ ᠪᠠᠷᠢᠮᠲᠠ᠂ ᠠᠵᠢᠯᠲᠠᠨ ᠠᠵᠢᠯᠴᠢᠨ ᠤ ᠨᠡᠷᠡᠰ ᠤᠨ ᠪᠦᠷᠢᠳᠬᠡᠯ ᠵᠢᠴᠢ ᠪᠠᠯᠠ ᠮᠥᠩᠭᠦ ᠶᠢ ᠰᠢᠯᠭᠠᠭᠰᠠᠨ ᠮᠡᠳᠡᠭᠦᠯᠦᠯᠲᠡ ᠶᠢ ᠬᠠᠷᠢᠴᠠᠭᠤᠯᠬᠤ ᠪᠠᠷ ᠳᠠᠮᠵᠢᠭᠤᠯᠤᠨ᠂ ᠬᠥᠳᠡᠯᠮᠦᠷᠢ ᠦᠢᠯᠡᠴᠢᠯᠡᠭᠡ ᠳᠤ ᠲᠣᠮᠢᠯᠠᠭᠰᠠᠨ ᠠᠵᠢᠯᠴᠢᠨ ᠬᠡᠷᠡᠭᠯᠡᠬᠦ ᠬᠡᠪᠴᠢᠶ᠎ᠡ ᠨᠢ ᠳᠠᠩᠰᠠᠯᠠᠭᠤᠯᠤᠭᠰᠠᠨ ᠮᠡᠳᠡᠭᠡ ᠵᠠᠩᠭᠢ ᠲᠠᠢ ᠨᠢᠭᠡᠳᠦᠯᠲᠡᠶ ᠪᠠᠶᠢᠬᠤ ᠡᠰᠡᠬᠦ ᠶᠢ ᠬᠢᠨᠠᠨ ᠬᠠᠷᠭᠤᠭᠤᠯᠵᠤ᠂ ︽ᠬᠠᠭᠤᠷᠮᠠᠭ ᠢᠶᠠᠷ ᠭᠠᠳᠠᠭᠰᠢ ᠳᠠᠭᠠᠭᠠᠴᠢᠯᠠᠭᠤᠯᠬᠤ᠂ ᠦᠨᠡᠨ ᠲᠣᠮᠢᠯᠠᠬᠤ︾ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠬᠥᠳᠡᠯᠮᠦᠷᠢ ᠦᠢᠯᠡᠴᠢᠯᠡᠭᠡ ᠶᠢ ᠲᠣᠮᠢᠯᠠᠬᠤ  ᠨᠢᠭᠡᠴᠡ ᠶᠢᠨ ᠬᠠᠤᠯᠢ ᠶᠣᠰᠣᠭᠠᠷ ᠲᠣᠮᠢᠯᠠᠬᠤ᠂ ᠠᠵᠢᠯᠴᠢᠨ ᠬᠡᠷᠡᠭᠯᠡᠬᠦ  ᠨᠢᠭᠡᠴᠡ ᠶᠢᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ  ᠪᠣᠯᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号