| ᠣᠷᠴᠢᠮ ᠤᠨ ᠡᠳᠦᠷ᠂ ᠠᠤᠬᠠᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ᠠᠵᠢᠯᠲᠠᠳ ᠢᠶᠠᠨ ᠵᠣᠬᠢᠶᠠᠨ ᠪᠠᠶᠢᠭᠤᠯᠵᠤ ᠹᠧᠩᠱᠸᠦ ᠰᠢᠶᠠᠩ᠂ ᠶᠢᠨ ᠴᠠᠩ ᠭᠧᠤ ᠯᠢᠶᠠᠩ ᠪᠠᠯᠭᠠᠰᠤ᠂ ᠰᠢᠨ ᠾᠦᠢ | ᠪᠠᠯᠭᠠᠰᠤ᠂ ᠰᠧ ᠵᠢᠶᠠᠽᠢ ᠪᠠᠯᠭᠠᠰᠤ᠂ ᠪᠠᠶᠢᠰᠡ ᠶᠢᠨ ᠬᠤᠷᠢᠶ᠎ᠠ ᠪᠠᠯᠭᠠᠰᠤ᠂ ᠰᠢᠩ ᠯᠦᠩ ᠸᠠ ᠪᠠᠯᠭᠠᠰᠤ ᠪᠠ ᠳ᠋ᠠ | ᠾᠧᠢ ᠱᠠᠨ ᠠᠭᠤᠯᠠᠨ ᠤ ᠣᠶ ᠰᠢᠭᠤᠶ ᠶᠢᠨ ᠲᠠᠯᠠᠪᠠᠶ ᠵᠡᠷᠭᠡ ᠰᠢᠭᠤᠶᠢᠲᠤ ᠣᠷᠣᠨ ᠳᠤ ᠭᠦᠨᠵᠡᠭᠡᠶᠢᠷᠡᠨ᠂ ᠨᠠᠷᠠᠰᠤᠨ | ᠮᠣᠳᠣᠨ ᠤ ᠬᠤᠷᠣᠬᠠᠶ ᠶᠢᠨ ᠪᠠᠶᠢᠳᠠᠯ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠪᠡ᠃ ᠲᠣᠰ ᠤᠳᠠᠭᠠᠨ ᠤ ᠬᠢᠨᠠᠨ | ᠬᠡᠮᠵᠢᠯᠲᠡ ᠶᠢᠨ ᠪᠠᠶᠢᠴᠠᠭᠠᠯᠲᠠ ᠶᠢᠨ ᠵᠣᠷᠢᠯᠭ᠎ᠠ ᠨᠢ ᠬᠤᠷᠤᠬᠠᠢ ᠡᠭᠦᠰᠦᠭᠰᠡᠨ ᠭᠠᠵᠠᠷ ᠣᠷᠣᠨ ᠤ ᠬᠤᠷᠣᠬᠠᠶ ᠶᠢᠨ | ᠬᠥᠨᠥᠭᠡᠯ ᠤᠨ ᠬᠥᠳᠡᠯᠦᠯ ᠪᠠᠶᠢᠳᠠᠯ ᠢ ᠣᠨᠣᠪᠴᠢᠲᠠᠶ ᠡᠵᠡᠮᠰᠢᠵᠦ᠂ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠬᠦ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠣᠯᠤᠨ᠎ᠠ᠃ | ᠪᠠᠶᠢᠴᠠᠭᠠᠯᠲᠠ ᠶᠢᠨ ᠳᠤᠮᠳᠠ᠂ ᠬᠢᠨᠠᠨ ᠬᠡᠮᠵᠢᠬᠦ ᠠᠵᠢᠯᠲᠠᠨ ᠨᠠᠷᠠᠰᠤᠨ ᠮᠣᠳᠣᠨ ᠤ ᠬᠤᠷᠣᠬᠠᠶ ᠶᠢᠨ | ᠬᠡᠮᠵᠢᠯᠲᠡ ᠶᠢᠨ ᠬᠠᠮᠢᠶ᠎ᠠ ᠪᠥᠬᠦᠶ ᠲᠦᠷᠢᠮ ᠢ ᠴᠢᠩᠭ᠎ᠠ ᠵᠢᠷᠤᠮᠯᠠᠨ᠂ ᠨᠠᠷᠠᠰᠤᠨ ᠣᠢ ᠳᠤ ᠪᠠᠷᠢᠮᠵᠢᠶᠠᠲᠤ ᠥᠯᠢᠭᠡᠷ | ᠭᠠᠵᠠᠷ ᠭᠠᠷᠭᠠᠵᠤ᠂ ᠲᠥᠯᠥᠭᠡᠯᠡᠬᠦ ᠴᠢᠨᠠᠷᠲᠠᠶ ᠪᠠᠷᠢᠮᠵᠢᠶᠠᠲᠤ ᠮᠣᠳᠣ ᠶᠢ ᠰᠣᠩᠭᠤᠨ ᠠᠪᠴᠤ᠂ ᠠᠪᠠᠭᠠᠯᠳᠠᠢ ᠶᠢᠨ ᠲᠤᠭ᠎ᠠ | ᠬᠡᠮᠵᠢᠶ᠎ᠡ ᠶᠢ ᠪᠦᠷᠢᠳᠬᠡᠬᠦ ᠪᠠᠷ ᠳᠠᠮᠵᠢᠭᠤᠯᠤᠨ᠂ ᠬᠤᠷᠣᠬᠠᠶ ᠶᠢᠨ ᠠᠮᠠᠰᠠᠷ ᠤᠨ ᠨᠢᠭᠲᠠᠴᠠ ᠶᠢ ᠵᠠᠳᠠᠯᠵᠤ᠂ | ᠡᠪᠦᠯᠵᠢᠬᠦ ᠠᠴᠠ ᠡᠮᠦᠨᠡᠬᠢ ᠲᠤᠭ᠎ᠠ ᠪᠠᠷᠢᠮᠲᠠ ᠶᠢᠨ ᠬᠠᠷᠢᠴᠠᠭᠤᠯᠤᠯ ᠲᠠᠢ ᠤᠶᠠᠯᠳᠤᠭᠤᠯᠤᠨ᠂ ᠨᠠᠷᠠᠰᠤᠨ ᠮᠣᠳᠣᠨ ᠤ | ᠬᠤᠷᠣᠬᠠᠶ ᠶᠢᠨ ᠡᠭᠦᠰᠬᠦ ᠬᠡᠮᠵᠢᠶ᠎ᠡ ᠶᠢ ᠨᠤᠲᠠᠯᠠᠪᠠ᠃ | ᠲᠠᠷᠠᠭᠠᠴᠢ ᠶᠢᠨ ᠠᠯᠬᠤᠮ ᠳᠤ ᠂ ᠠᠤᠬᠠᠨ ᠬᠤᠰᠢᠭᠤᠨ ᠤ ᠬᠢᠨ ᠪᠥᠬᠦ ᠬᠤᠰᠢᠭᠤᠨ ᠤ ᠣᠶ ᠰᠢᠭᠤᠶ ᠨᠤᠲᠤᠭ | ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠤᠨ ᠡᠭᠦᠰᠦᠭᠰᠡᠨ ᠪᠠᠶᠢᠳᠠᠯ ᠢ ᠦᠷᠭᠦᠯᠵᠢᠯᠡᠨ ᠬᠢᠨᠠᠨ ᠬᠡᠮᠵᠢᠵᠦ᠂ | ᠴᠠᠭ ᠲᠤᠨᠢ ᠳᠣᠭᠢᠷᠠᠭᠤᠯᠤᠨ ᠰᠡᠷᠭᠡᠶᠢᠯᠡᠨ ᠡᠵᠡᠮᠳᠡᠵᠦ᠂ ᠪᠥᠬᠦ ᠬᠤᠰᠢᠭᠤᠨ ᠤ ᠠᠮᠢ ᠠᠬᠤᠶ ᠶᠢᠨ ᠠᠮᠤᠷ ᠲᠦᠪᠰᠢᠨ ᠢ | ᠡᠷᠡᠰ ᠬᠠᠮᠠᠭᠠᠯᠠᠨ᠎ᠠ᠃ ᠡᠭᠦᠨ ᠤ ᠬᠠᠮᠲᠤ᠂ ᠣᠯᠠᠨ ᠨᠡᠶᠢᠲᠡ ᠶᠢᠨ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ | ᠠᠮᠢᠳᠤ ᠪᠣᠳᠠᠰ ᠤᠨ ᠰᠦᠪᠡᠭᠴᠢ ᠶᠢ ᠬᠠᠷᠢᠭᠤ ᠲᠤᠰᠬᠠᠬᠤ ᠪᠠᠷ ᠳᠠᠮᠵᠢᠭᠤᠯᠤᠨ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠨᠡᠶᠢᠯᠡᠮᠡᠯ ᠬᠦᠴᠦᠨ ᠢ ᠪᠣᠶ ᠪᠣᠯᠭᠠᠵᠤ᠂ ᠣᠶ ᠰᠢᠭᠤᠶ ᠶᠢᠨ ᠡᠬᠢ ᠪᠠᠶᠠᠯᠢᠭ ᠤᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ |