ᠮᠠ ᠯᠢ ᠬᠤᠸᠠ ᠵᠢᠢ ᠯᠦᠩ ᠠᠭᠤᠷᠬᠠᠢ ᠶᠢᠨ ᠦᠢᠯᠡᠰ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/3/24
     ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ᠂ ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠲᠥᠯᠥᠭᠡ᠂ 3 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ᠂ ᠤᠯᠠᠭᠠᠨᠬᠠᠳᠠ ᠶᠢᠨ ᠵᠢᠢ ᠯᠦᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠦᠭᠵᠢᠷᠡᠯ ᠲᠠᠢ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠢᠳᠪᠦᠷᠢᠯᠡᠪᠡ᠃
C:\Users\Administrator\Desktop\1.jpg
   ᠮᠠ ᠯᠢ ᠬᠤᠸᠠ ᠠᠵᠤ ᠠᠬᠤᠶᠢᠯᠠᠯ ᠤᠨ ᠬᠥᠭᠵᠢᠯᠲᠡ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠠᠯᠪᠠᠯᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠠᠰᠠᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠠᠵᠤ ᠠᠬᠤᠶᠢᠯᠠᠯ ᠤᠨ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠢ ᠵᠦᠢᠯᠡᠰ ᠤᠨ ᠲᠣᠭᠤᠷᠢᠨ ᠳᠤ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠲᠥᠰᠦᠯ ᠢ ᠰᠤᠳᠤᠯᠤᠨ ᠳᠤᠷᠠᠳᠴᠠᠢ᠃
C:\Users\Administrator\Desktop\2.jpg
   ᠮᠠ ᠯᠢ ᠬᠤᠸᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠤᠯᠠᠭᠠᠨᠬᠠᠳᠠ ᠬᠤᠳᠠ ᠶᠢᠨ ︽ᠠᠷᠪᠠᠨ ᠶᠡᠭᠡ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠲᠠᠢ ᠬᠠᠷᠭᠤᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠠᠴᠠ ᠪᠠᠨ ᠡᠭᠦᠰᠴᠦ᠂ ᠤᠨᠢᠨ ᠳᠡᠭᠡᠷ᠎ᠡ ᠨᠢ ᠬᠦᠴᠦᠯᠡᠵᠦ᠂ ᠠᠵᠢᠯᠯᠠᠭ᠎ᠠ ᠶᠢᠨ ᠱᠠᠭᠠᠷᠳᠠᠯᠭ᠎ᠠ ᠶᠢ ᠡᠳᠦᠷ ᠲᠤᠳᠤᠮ ᠤᠨ ᠠᠵᠢᠯ ᠤᠨ ᠡᠯ᠎ᠡ ᠭᠤᠭᠴᠤᠭ᠎ᠠ ᠳᠤ  ᠲᠤᠭᠤᠰᠢᠯᠠᠭᠤᠯᠬᠤ ᠬᠡᠷᠡᠭᠲᠡᠢ᠃ ᠦᠢᠯᠡᠴᠢᠯᠡᠭᠡᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠰᠢᠯᠢᠳᠡᠭᠵᠢᠭᠦᠯᠦᠨ᠂ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ᠂ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠬᠦ ᠶᠢ ᠬᠠᠮᠲᠤ ᠪᠠᠷ ᠳᠥᠯᠭᠢᠨ ᠠᠬᠢᠭᠤᠯᠵᠤ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠷ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ / ᠸᠠᠩ ᠾᠧ ᠨᠠᠨ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号