| ᠣᠷᠴᠢᠮ ᠤᠨ ᠡᠳᠦᠷ᠂ ᠤᠷᠤᠢ ᠶᠢᠨ ᠰᠦᠮ᠎ᠡ ᠰᠤᠮᠤ ᠶᠢᠨ ᠡᠯᠡᠰᠦ ᠶᠢ ᠲᠤᠭᠳᠠᠪᠤᠷᠢᠵᠢᠭᠤᠯᠬᠤ ᠠᠵᠢᠯ ᠪᠥᠬᠦ | ᠲᠠᠯ᠎ᠠ ᠪᠠᠷ ᠡᠬᠢᠯᠡᠬᠦ ᠶᠢ ᠳᠠᠭᠠᠯᠳᠤᠨ᠂ ᠠᠤᠬᠠᠨ ᠬᠤᠰᠢᠭᠤ 2025 ᠣᠨ ᠤ ᠬᠤᠷᠴᠢᠨ ᠤ ᠡᠯᠡᠰᠦ ᠶᠢ | ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠪᠦᠷᠢᠶ᠎ᠡ ᠶᠢ ᠵᠢᠩᠬᠢᠨᠢ ᠪᠠᠷ ᠬᠠᠩᠭᠢᠨᠠᠭᠤᠯᠪᠠ᠃ ᠤᠯᠠᠭᠠᠨᠬᠠᠳᠠ | ᠬᠤᠳᠠ ᠶᠢᠨ ᠬᠤᠶᠠᠷ ᠶᠡᠭᠡ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠳᠥᠷᠪᠡᠳᠦᠭᠡᠷ | ᠪᠠᠶᠢᠯᠳᠤᠭᠠᠨ ᠤ ᠲᠣᠭᠤᠷᠢᠭ ᠪᠣᠯᠤᠭᠰᠠᠨ ᠤ ᠬᠤᠪᠢ ᠳᠤ᠂ ᠠᠤᠬᠠᠨ ᠬᠤᠰᠢᠭᠤ ᠨᠢ ᠤᠯᠠᠭᠠᠨᠬᠠᠳᠠ ᠬᠤᠳᠠ ᠶᠢᠨ ︽ | ᠠᠷᠪᠠᠨ ᠶᠡᠭᠡ ᠠᠵᠢᠯᠯᠠᠭ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ | ᠣᠷᠤᠢ ᠶᠢᠨ ᠰᠦᠮ᠎ᠡ ᠰᠣᠮᠤ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ 130 ᠭᠠᠷᠤᠢ ᠪᠠᠷᠢᠯᠭ᠎ᠠ ᠶᠢᠨ | ᠠᠵᠢᠯᠲᠠᠨ ᠶᠠᠭᠠᠷᠠᠯᠳᠤᠨ ᠠᠵᠢᠯᠯᠠᠨ᠎ᠠ᠂ ᠳᠤᠲᠤᠷᠭ᠎ᠠ ᠶᠢᠨ ᠡᠪᠡᠰᠦ ᠶᠢ ᠰᠦᠯᠵᠢᠯᠳᠦᠵᠦ ᠡᠯᠡᠰᠦ ᠶᠢ | ᠳᠣᠭᠲᠠᠪᠤᠷᠢᠵᠢᠭᠤᠯᠵᠤ᠂ 3 ᠰᠠᠷ᠎ᠠ ᠶᠢᠨ 20 ᠤ ᠡᠳᠦᠷ ᠲᠤᠬᠠᠢ ᠶᠢᠨ ᠡᠳᠦᠷ ᠲᠤ 300 ᠮᠦ ᠢᠨᠵᠧᠨᠧᠷᠢᠩ ᠤᠨ | ᠡᠯᠡᠰᠦ ᠶᠢ ᠲᠣᠭᠲᠠᠪᠤᠷᠢᠵᠢᠭᠤᠯᠬᠤ ᠠᠵᠢᠯ ᠢ ᠪᠡᠶᠡᠯᠡᠭᠦᠯᠵᠡᠢ᠃ ᠠᠣᠬᠠᠨ ᠬᠤᠰᠢᠭᠤᠨ ᠤ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠡᠯᠡᠰᠦ ᠶᠢ | ᠲᠤᠶᠢᠯᠪᠤᠷᠢᠲᠠᠢ ᠵᠠᠰᠬᠠᠤ ᠳᠠᠶᠢᠯᠠᠯᠳᠤᠭᠠᠨ ᠳᠤ ︽ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ+ ᠠᠮᠢᠳᠤ | ᠪᠣᠳᠠᠰ ᠤᠨ ᠦᠨᠳᠦᠰᠦ ᠶᠢ ᠪᠠᠬᠢᠵᠢᠭᠦᠯᠬᠦ︾ ᠵᠠᠭᠪᠤᠷ ᠢ ᠬᠡᠷᠡᠭᠯᠡᠵᠦ᠂ ᠨᠡᠭᠦᠳᠡᠯ ᠡᠯᠡᠰᠦᠨ ᠳᠣᠪᠤ ᠶᠢᠨ ᠣᠷᠣᠨ ᠳᠤ᠂ | ᠡᠪᠡᠰᠦᠨ ᠳᠥᠷᠪᠡᠯᠵᠢ ᠪᠠᠷ ᠡᠯᠡᠰᠦᠨ ᠬᠠᠯᠬᠠᠪᠴᠢ ᠶᠢᠨ ᠲᠣᠭᠲᠠᠮᠠᠯ ᠭᠠᠵᠠᠷ ᠤᠨ ᠭᠠᠳᠠᠷᠭᠤ ᠶᠢ ᠳᠡᠪᠢᠰᠴᠦ᠂ ᠰᠠᠯᠬᠢ | ᠡᠯᠡᠰᠦ ᠶᠢ ᠲᠣᠭᠲᠠᠭᠤᠨ ᠪᠣᠯᠭᠠᠭᠰᠠᠨ ᠤ ᠳᠠᠷᠠᠭ᠎ᠠ ᠭᠠᠩ ᠬᠠᠭᠰᠠᠷᠠᠭᠠᠨ ᠳᠤ ᠲᠡᠰᠪᠦᠷᠢᠲᠡᠶ ᠨᠤᠲᠤᠭ ᠤᠨ ᠮᠣᠳᠣᠨ ᠤ | ᠲᠥᠷᠥᠯ ᠢ ᠲᠠᠷᠢᠬᠤ ᠪᠠᠷ ᠪᠠᠶᠢᠨ᠎ᠠ︔ ᠪᠣᠰᠤᠭ᠎ᠠ ᠭᠠᠵᠠᠷ ᠤᠨ ᠨᠥᠬᠦᠴᠡᠯ ᠢᠶᠠᠷ ᠨᠡᠯᠢᠶᠡᠳ ᠰᠠᠶᠢᠨ ᠣᠷᠣᠨ ᠳᠤ | ᠬᠠᠶᠢᠯᠠᠷ ᠨᠠᠷᠠᠰᠤ᠂ ᠡᠯᠡᠰᠦᠷᠬᠡᠭ ᠭᠠᠵᠠᠷ ᠤᠨ ᠮᠠᠶᠢᠯᠠᠰᠤ ᠵᠡᠷᠭᠡ ᠲᠤᠷᠤᠭ ᠮᠣᠳᠣ ᠪᠠᠷ ᠣᠶᠢᠵᠢᠭᠤᠯᠤᠨ᠎ᠠ᠃ | ᠣᠶᠢᠯᠠᠭᠠᠭᠰᠠᠨ ᠢᠶᠠᠷ᠂ 2025 ᠣᠨ ᠳᠤ ︽ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ + ᠪᠣᠳᠠ | ᠮᠣᠳᠣ ᠶᠢ ᠣᠶᠢᠵᠢᠭᠤᠯᠬᠤ︾ ᠨᠢ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ | 86% ᠶᠢ ᠡᠵᠡᠯᠡᠵᠦ᠂ ︽ᠤᠷᠢᠳ ᠢᠶᠠᠷ ᠪᠠᠬᠢᠵᠢᠭᠦᠯᠵᠦ ᠳᠠᠷᠠᠭ᠎ᠠ ᠨᠢ ᠨᠣᠭᠤᠭᠠᠷᠠᠭᠤᠯᠬᠤ︾ ᠠᠮᠢ ᠠᠬᠤᠢ ᠶᠢ | ᠰᠡᠷᠭᠦᠭᠡᠬᠦ ᠪᠢᠲᠡᠭᠦᠦ ᠴᠠᠭᠠᠷᠢᠭ ᠢ ᠪᠡᠶᠡᠯᠡᠭᠦᠯᠬᠦ ᠪᠣᠯᠣᠨ᠎ᠠ᠃ | ᠠᠤᠬᠠᠨ ᠬᠤᠰᠢᠭᠤᠨ ᠤ ᠬᠤᠷᠴᠢᠨ ᠤ ᠡᠯᠡᠰᠦ ᠶᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠭᠦᠨᠵᠡᠭᠡᠶᠢᠷᠡᠨ | ᠠᠭᠢᠬᠤ ᠶᠢ ᠳᠠᠭᠠᠯᠳᠤᠨ᠂ ᠡᠨᠡ ᠬᠡᠰᠡᠭ ᠤᠤᠯ ᠨᠢ ᠡᠯᠡᠰᠤ ᠮᠠᠩᠬ᠎ᠠ ᠬᠤᠶᠢᠯᠠᠷᠠᠭᠰᠠᠨ ᠭᠠᠵᠠᠷ ᠰᠢᠷᠣᠶ ᠨᠢ ᠶᠠᠭ ᠰᠢᠨ᠎ᠡ | ᠴᠠᠭ ᠦᠶ᠎ᠡ ᠶᠢᠨ ︽ᠨᠣᠭᠤᠭᠠᠷᠠᠭᠤᠯᠤᠯᠲᠠ ᠶᠢ ᠤᠷᠤᠭᠰᠢᠯᠠᠭᠤᠯᠵᠤ ᠡᠯᠡᠰᠦᠨ ᠰᠢᠭᠤᠷᠭ᠎ᠠ ᠶᠢ ᠤᠬᠤᠷᠢᠭᠤᠯᠵᠤ︾ | ᠪᠣᠬᠢᠷᠳᠤᠯ ᠦᠭᠡᠢ ᠳᠣᠮᠤᠭ ᠢ ᠪᠢᠴᠢᠭᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠠᠤᠬᠠᠨ ᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ |