ᠠᠤᠬᠠᠨ ᠬᠤᠰᠢᠭᠤᠨ ᠤ ᠰᠢᠨ ᠾᠦᠢ ᠭᠤᠤᠯ ᠨᠠᠰᠤᠲᠠᠨ ᠢ ᠠᠰᠠᠷᠠᠬᠤ ᠬᠦᠷᠢᠶᠡᠯᠡᠩ᠄ ᠡᠭᠦᠳᠡᠨ ᠡᠮᠨᠡᠯᠭᠡ  ᠶᠢ ᠨᠠᠰᠤᠲᠠᠨ ᠢ ᠠᠰᠠᠷᠠᠬᠤ ᠬᠦᠷᠢᠶᠡᠯᠡᠩ ᠳᠤ ︽ᠨᠡᠭᠦᠯᠭᠡᠨ︾ ᠣᠷᠣᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2025/3/24
     ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠨᠠᠰᠤᠵᠢᠯ ᠤᠨ ᠪᠠᠶᠢᠭᠤᠯᠤᠮᠵᠢ ᠶᠢᠨ ᠵᠥᠪᠯᠡᠯᠴᠡᠭᠡᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠶ ᠮᠡᠳᠡᠭᠳᠡᠯ ᠤᠨ ᠱᠠᠭᠠᠷᠳᠠᠯᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠠᠤᠬᠠᠨ ᠬᠤᠰᠢᠭᠤᠨ ᠤ ᠰᠢᠨ ᠾᠦᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠰᠠᠨᠠᠭᠠᠴᠢᠯᠠᠭ᠎ᠠ ᠠᠴᠠ ᠪᠠᠨ ᠰᠢᠨ ᠾᠦᠢ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠵᠣᠯᠭᠠᠭᠤᠯᠤᠨ ᠬᠡᠯᠡᠯᠴᠡᠭᠡᠷ ᠬᠠᠮᠲᠤᠷᠠᠯᠴᠠᠭ᠎ᠠ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠨᠠᠩ ᠳᠥᠭᠦᠮ ᠳᠥᠲᠡ ︽ᠡᠮ ᠡᠮᠨᠡᠯᠭᠡ + ᠨᠠᠰᠤᠵᠢᠯ ᠤᠨ ᠠᠰᠠᠷᠠᠮᠵᠢ︾ ᠶᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡ ᠬᠠᠩᠭᠠᠵᠤ᠂ ︽ᠨᠠᠰᠤᠲᠠᠨ ᠢ ᠠᠰᠠᠷᠠᠬᠤ ᠬᠦᠷᠢᠶᠡᠯᠡᠩ + ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ ᠶᠢᠨ ᠨᠢᠭᠲᠠ ᠬᠡᠯᠪᠡᠷᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠰᠢᠨ᠎ᠡ ᠵᠠᠭᠪᠤᠷ ᠢ ᠪᠣᠶ ᠪᠣᠯᠭᠠᠪᠠ᠃    ᠰᠢᠨ ᠾᠦᠢ ᠭᠤᠣᠯ ᠨᠠᠰᠤᠳᠠᠨ ᠢ ᠠᠰᠠᠷᠠᠬᠤ ᠬᠦᠷᠢᠶᠡᠯᠡᠩ ᠳᠤ ᠤᠳᠤ 91 ᠨᠠᠰᠤᠳᠠᠨ ᠲᠠᠢ ᠪᠠᠶᠢᠵᠤ᠂ ᠨᠠᠰᠤᠳᠠᠨ ᠢ ᠠᠰᠠᠷᠡᠬᠤ ᠳᠤ ᠴᠠᠭ ᠲᠤᠬᠠᠢ ᠳᠤᠨᠢ ᠡᠮᠨᠡᠬᠦᠯᠵᠤ ᠦᠭᠬᠦ ᠶᠢ ᠪᠠᠳᠤᠯᠠᠬᠤ ᠶᠢᠨ ᠲᠦᠯᠤᠭᠡ᠂ ᠰᠢᠨ ᠾᠦᠢ ᠭᠤᠣᠯ ᠨᠠᠰᠤᠳᠠᠨ ᠢ ᠠᠰᠠᠷᠠᠬᠤ ᠬᠦᠷᠢᠶᠡᠯᠡᠩ ᠤᠨ ᠨᠢᠭᠡᠳᠤᠭᠡᠷ ᠳᠠᠪᠬᠤᠷ ᠲᠤ ᠡᠮᠴᠢᠯᠡᠭᠡᠨ ᠤ ᠲᠤᠰᠬᠠᠢ ᠲᠤᠭᠤᠷᠢᠭ ᠭᠠᠷᠭᠠᠵᠤ᠂ ᠡᠮᠴᠢᠯᠡᠭᠡᠨ ᠤ ᠲᠠᠰᠤᠭ᠂ ᠰᠢᠩᠭᠡᠨ ᠶᠡᠭᠦᠯᠡᠬᠦ ᠶᠡᠭᠡ ᠲᠢᠩᠭᠢᠮ᠂ ᠡᠮ ᠨᠠᠶᠢᠷᠠᠭᠤᠯᠬᠤ ᠲᠠᠰᠤᠭ᠂ ᠪᠤᠳᠤᠭᠳᠤ ᠭᠡᠳᠤ ᠲᠤᠯᠬᠢᠶᠠᠨ ᠤ ᠲᠠᠰᠤᠭ᠂ ᠵᠢᠷᠦᠬᠡᠨ ᠤ ᠯᠣᠭᠰᠢᠯᠲᠠ ᠶᠢᠨ ᠵᠢᠷᠤᠭ ᠤᠨ ᠲᠠᠰᠤᠭ ᠪᠠ10 ᠡᠪᠡᠳᠴᠢᠲᠡᠨ ᠤ ᠣᠷᠤ ᠲᠣᠬᠢᠷᠠᠭᠤᠯᠪᠠ᠃ ᠨᠠᠰᠤᠲᠠᠨ ᠢ ᠠᠰᠠᠷᠠᠬᠤ ᠬᠦᠷᠢᠶᠡᠯᠡᠩ ᠳᠤ ᠴᠢᠰᠤᠨ ᠤ ᠵᠤᠷᠰᠢᠯ᠂  ᠡᠯᠢᠭᠡᠨ ᠤ ᠠᠵᠢᠯᠯᠠᠭ᠎ᠠ᠂  ᠪᠥᠭᠡᠷ᠎ᠡ ᠶᠢᠨ ᠠᠵᠢᠯᠯᠠᠭ᠎ᠠ᠂ ᠴᠢᠰᠤᠨ ᠤ ᠳᠠᠷᠤᠯᠲᠠ᠂ ᠴᠢᠰᠤᠨ ᠦᠭᠡᠬᠦ᠂ ᠴᠢᠰᠤᠨ ᠤ ᠰᠢᠬᠢᠷ᠂ ᠵᠢᠷᠦᠬᠡᠨ ᠤ ᠯᠤᠭᠰᠢᠯᠳᠠ ᠶᠢᠨ ᠴᠠᠬᠢᠯᠭᠠᠨ ᠵᠢᠷᠤᠭ᠂ ᠳ᠋ᠤᠫᠯᠧ ᠭᠡᠳᠤ ᠲᠠᠭᠤᠨ ᠵᠡᠷᠭᠡ ᠭᠡᠪ ᠤᠨ ᠪᠠᠶᠢᠴᠠᠭᠠᠯᠳᠠ ᠶᠢᠨ ᠲᠦᠷᠦᠯ ᠵᠦᠢᠯ ᠢ ᠬᠢᠵᠦ ᠪᠣᠯᠤᠨ᠎ᠠ᠃ ᠰᠢᠨ ᠾᠦᠢ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠡᠮᠴᠢ ᠪᠠ ᠰᠤᠪᠢᠯᠠᠭᠴᠢ ᠶᠢ ᠲᠣᠮᠢᠯᠠᠨ ᠰᠠᠭᠤᠯᠭᠠᠵᠤ ᠰᠢᠨ ᠾᠦᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠳᠤ ᠣᠴᠢᠭᠤᠯᠤᠨ ᠣᠷᠳᠣ ᠬᠤᠭᠤᠴᠠᠭ᠎ᠠ ᠪᠠᠷ ᠵᠢᠵᠢᠭᠦᠷᠯᠡᠵᠦ᠂ ᠲᠤᠰᠬᠠᠶ ᠮᠡᠷᠭᠡᠵᠢᠯ ᠤᠨ ᠡᠮᠴᠢ ᠰᠤᠪᠢᠯᠠᠭᠴᠢ ᠶᠢᠨ ᠪᠥᠬᠦ ᠶᠠᠪᠤᠴᠠ ᠳᠤ ᠨᠠᠰᠤᠲᠠᠶᠢᠴᠤᠳ ᠲᠤ ᠦᠢᠯᠡᠴᠢᠯᠡᠬᠦ ᠪᠠᠷ ᠳᠠᠮᠵᠢᠭᠤᠯᠤᠨ᠂ ᠲᠤᠰᠬᠠᠶ ᠮᠡᠷᠭᠡᠵᠢᠯ ᠤᠨ ᠡᠮᠴᠢ ᠠᠴᠠ ᠲᠣᠭᠲᠠᠭᠰᠠᠨ ᠴᠠᠭ ᠲᠤ ᠲᠣᠭᠤᠷᠢᠨ ᠡᠮᠨᠡᠭᠦᠯᠵᠦ᠂ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠤᠨ ᠡᠪᠡᠳᠴᠢᠨ ᠦᠵᠡᠭᠦᠯᠬᠦ ᠬᠡᠷᠡᠭᠴᠡᠭᠡ ᠶᠢ ᠬᠠᠩᠭᠠᠪᠠ᠃    ᠰᠢᠨ ᠾᠦᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠤᠨ ᠬᠠᠷᠢᠭᠤᠴᠠᠯᠭᠠᠲᠠᠨ ᠬᠤ᠋ ᠵᠢᠶᠠᠨ ᠹᠧᠩ᠄ ︽ᠨᠠᠰᠤᠲᠠᠨ ᠢ ᠠᠰᠠᠷᠠᠬᠤ ᠬᠦᠷᠢᠶᠡᠯᠡᠩ + ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ︾ ᠶᠢᠨ ᠡᠨᠡᠬᠦ ᠨᠢᠭᠲᠠ ᠬᠡᠯᠪᠡᠷᠢ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠰᠢᠨ᠎ᠡ ᠵᠠᠭᠪᠤᠷ ᠢᠶᠠᠷ ᠳᠠᠮᠵᠢᠭᠤᠯᠤᠨ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠤ ᠴᠢᠨᠠᠷ ᠰᠠᠶᠢᠲᠠᠢ ᠡᠮᠴᠢᠯᠡᠭᠡᠨ ᠤ ᠰᠢᠯᠢᠳᠡᠭ ᠦᠢᠯᠡᠴᠢᠯᠡᠭᠡ ᠬᠦᠷᠲᠡᠭᠡᠵᠦ᠂ ᠠᠯᠪᠠᠨ ᠠᠴᠠ ᠡᠷᠬᠢᠯᠡᠭᠰᠡᠨ ᠨᠠᠰᠤᠵᠢᠯ ᠤᠨ ᠪᠠᠶᠢᠭᠤᠯᠤᠮᠵᠢ ᠶᠢᠨ ︽ᠡᠮᠴᠢᠯᠡᠭᠡ ᠳᠤᠲᠠᠭᠤ ᠡᠮ ᠲᠤᠳᠠᠬᠳᠠᠬᠤ᠂ ᠨᠠᠰᠤᠵᠢᠯ ᠤᠨ ᠠᠰᠠᠷᠠᠮᠵᠢ ᠳᠤ  ᠡᠮᠴᠢᠯᠡᠭᠡ ᠦᠭᠡᠢ︾ ᠡᠪᠡᠷᠰᠢᠶᠡᠯ ᠢ ᠪᠦᠲᠦᠮᠵᠢᠲᠡᠢ ᠰᠢᠢᠳᠪᠦᠷᠢᠯᠡᠵᠦ᠂ ᠪᠠᠭ᠎ᠠ ᠡᠪᠡᠳᠴᠢᠨ ᠢ ᠬᠦᠷᠢᠶᠡᠯᠡᠩ ᠠᠴᠠ ᠭᠠᠷᠬᠤ ᠦᠭᠡᠢ᠂ ᠲᠦᠷᠭᠡᠨ ᠡᠪᠡᠳᠴᠢᠨ ᠢ ᠲᠦᠷᠭᠡᠨ ᠠᠪᠤᠷᠬᠠᠤ᠂ ᠬᠦᠨᠳᠦ ᠡᠪᠡᠳᠴᠢᠨ ᠢ ᠪᠠᠲᠤᠯᠠᠭ᠎ᠠ ᠲᠠᠢ ᠪᠠᠶᠢᠯᠭᠠᠬᠤ ᠶᠢ ᠪᠡᠶᠡᠯᠡᠭᠦᠯᠵᠦ᠂ ᠡᠳᠡᠭᠡᠷ ᠥᠨᠥᠴᠢᠨ ᠪᠡᠯᠪᠡᠰᠦᠨ ᠨᠠᠰᠤᠲᠠᠶᠢᠴᠤᠳ ᠲᠤ ᠨᠠᠮ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠠᠳᠡ ︽ᠥᠲᠡᠯᠪᠡᠯ ᠠᠰᠠᠷᠠᠮᠵᠢ ᠲᠠᠢ᠂ ᠥᠲᠡᠯᠪᠡᠯ ᠡᠮᠨᠡᠯᠭᠡ ᠲᠠᠢ︾ ᠪᠠᠶᠢᠬᠤ ᠥᠲᠡᠯᠦᠭᠡ ᠨᠠᠰᠤᠨ ᠤ ᠬᠦᠰᠡᠯ ᠡᠷᠡᠮᠡᠯᠵᠡᠯ ᠢ ᠦᠨᠡᠨᠬᠦ ᠭᠡᠷᠡᠴᠢᠯᠡᠪᠡ ᠭᠡᠵᠦ  ᠢᠯᠡᠳᠬᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号