| ᠣᠷᠴᠢᠮ ᠤᠨ ᠡᠳᠦᠷ᠂ ᠤᠷᠤᠢ ᠶᠢᠨ ᠰᠦᠮ᠎ᠡ ᠰᠤᠮᠤ ᠶᠢᠨ ᠡᠯᠡᠰᠦ ᠶᠢ ᠲᠤᠭᠳᠠᠪᠤᠷᠢᠵᠢᠭᠤᠯᠬᠤ ᠠᠵᠢᠯ ᠪᠥᠬᠦ ᠲᠠᠯ᠎ᠠ ᠪᠠᠷ | ᠡᠬᠢᠯᠡᠬᠦ ᠶᠢ ᠳᠠᠭᠠᠯᠳᠤᠨ᠂ ᠠᠤᠬᠠᠨ ᠬᠤᠰᠢᠭᠤ 2025 ᠣᠨ ᠤ ᠬᠤᠷᠴᠢᠨ ᠤ ᠡᠯᠡᠰᠦ ᠶᠢ ᠲᠤᠶᠢᠯᠪᠤᠷᠢᠲᠠᠢ ᠵᠠᠰᠠᠬᠤ | ᠳᠠᠶᠢᠯᠠᠯᠳᠤᠭᠠᠨ ᠤ ᠪᠦᠷᠢᠶ᠎ᠡ ᠶᠢ ᠵᠢᠩᠬᠢᠨᠢ ᠪᠠᠷ ᠬᠠᠩᠭᠢᠨᠠᠭᠤᠯᠪᠠ᠃ ᠤᠯᠠᠭᠠᠨᠬᠠᠳᠠ ᠬᠤᠳᠠ ᠶᠢᠨ ᠬᠤᠶᠠᠷ ᠶᠡᠭᠡ ᠡᠯᠡᠰᠦᠷᠬᠡᠭ | ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠳᠥᠷᠪᠡᠳᠦᠭᠡᠷ ᠪᠠᠶᠢᠯᠳᠤᠭᠠᠨ ᠤ ᠲᠣᠭᠤᠷᠢᠭ ᠪᠣᠯᠤᠭᠰᠠᠨ ᠤ | ᠬᠤᠪᠢ ᠳᠤ᠂ ᠠᠤᠬᠠᠨ ᠬᠤᠰᠢᠭᠤ ᠨᠢ ᠤᠯᠠᠭᠠᠨᠬᠠᠳᠠ ᠬᠤᠳᠠ ᠶᠢᠨ ︽ᠠᠷᠪᠠᠨ ᠶᠡᠭᠡ ᠠᠵᠢᠯᠯᠠᠭ᠎ᠠ︾ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ | ᠣᠷᠤᠢ ᠶᠢᠨ ᠰᠦᠮ᠎ᠡ ᠰᠣᠮᠤ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ 130 ᠭᠠᠷᠤᠢ ᠪᠠᠷᠢᠯᠭ᠎ᠠ ᠶᠢᠨ ᠠᠵᠢᠯᠲᠠᠨ | ᠶᠠᠭᠠᠷᠠᠯᠳᠤᠨ ᠠᠵᠢᠯᠯᠠᠨ᠎ᠠ᠂ ᠳᠤᠲᠤᠷᠭ᠎ᠠ ᠶᠢᠨ ᠡᠪᠡᠰᠦ ᠶᠢ ᠰᠦᠯᠵᠢᠯᠳᠦᠵᠦ ᠡᠯᠡᠰᠦ ᠶᠢ ᠳᠣᠭᠲᠠᠪᠤᠷᠢᠵᠢᠭᠤᠯᠵᠤ᠂ 3 | ᠰᠠᠷ᠎ᠠ ᠶᠢᠨ 20 ᠤ ᠡᠳᠦᠷ ᠲᠤᠬᠠᠢ ᠶᠢᠨ ᠡᠳᠦᠷ ᠲᠤ 300 ᠮᠦ ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ | ᠠᠵᠢᠯ ᠢ ᠪᠡᠶᠡᠯᠡᠭᠦᠯᠵᠡᠢ᠃ ᠠᠣᠬᠠᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠡᠯᠡᠰᠦ ᠶᠢ ᠲᠤᠶᠢᠯᠪᠤᠷᠢᠲᠠᠢ ᠵᠠᠰᠬᠠᠤ | ᠳᠠᠶᠢᠯᠠᠯᠳᠤᠭᠠᠨ ᠳᠤ ︽ᠢᠨᠵᠧᠨᠧᠷᠢᠩ ᠤᠨ ᠡᠯᠡᠰᠦ ᠶᠢ ᠲᠣᠭᠲᠠᠪᠤᠷᠢᠵᠢᠭᠤᠯᠬᠤ+ ᠠᠮᠢᠳᠤ ᠪᠣᠳᠠᠰ ᠤᠨ ᠦᠨᠳᠦᠰᠦ ᠶᠢ | ᠪᠠᠬᠢᠵᠢᠭᠦᠯᠬᠦ︾ ᠵᠠᠭᠪᠤᠷ ᠢ ᠬᠡᠷᠡᠭᠯᠡᠵᠦ᠂ ᠨᠡᠭᠦᠳᠡᠯ ᠡᠯᠡᠰᠦᠨ ᠳᠣᠪᠤ ᠶᠢᠨ ᠣᠷᠣᠨ ᠳᠤ᠂ ᠡᠪᠡᠰᠦᠨ ᠳᠥᠷᠪᠡᠯᠵᠢ ᠪᠠᠷ ᠡᠯᠡᠰᠦᠨ | ᠬᠠᠯᠬᠠᠪᠴᠢ ᠶᠢᠨ ᠲᠣᠭᠲᠠᠮᠠᠯ ᠭᠠᠵᠠᠷ ᠤᠨ ᠭᠠᠳᠠᠷᠭᠤ ᠶᠢ ᠳᠡᠪᠢᠰᠴᠦ᠂ ᠰᠠᠯᠬᠢ ᠡᠯᠡᠰᠦ ᠶᠢ ᠲᠣᠭᠲᠠᠭᠤᠨ ᠪᠣᠯᠭᠠᠭᠰᠠᠨ ᠤ | ᠳᠠᠷᠠᠭ᠎ᠠ ᠭᠠᠩ ᠬᠠᠭᠰᠠᠷᠠᠭᠠᠨ ᠳᠤ ᠲᠡᠰᠪᠦᠷᠢᠲᠡᠶ ᠨᠤᠲᠤᠭ ᠤᠨ ᠮᠣᠳᠣᠨ ᠤ ᠲᠥᠷᠥᠯ ᠢ ᠲᠠᠷᠢᠬᠤ ᠪᠠᠷ ᠪᠠᠶᠢᠨ᠎ᠠ︔ ᠪᠣᠰᠤᠭ᠎ᠠ | ᠭᠠᠵᠠᠷ ᠤᠨ ᠨᠥᠬᠦᠴᠡᠯ ᠢᠶᠠᠷ ᠨᠡᠯᠢᠶᠡᠳ ᠰᠠᠶᠢᠨ ᠣᠷᠣᠨ ᠳᠤ ᠬᠠᠶᠢᠯᠠᠷ ᠨᠠᠷᠠᠰᠤ᠂ ᠡᠯᠡᠰᠦᠷᠬᠡᠭ ᠭᠠᠵᠠᠷ ᠤᠨ ᠮᠠᠶᠢᠯᠠᠰᠤ ᠵᠡᠷᠭᠡ | ᠲᠤᠷᠤᠭ ᠮᠣᠳᠣ ᠪᠠᠷ ᠣᠶᠢᠵᠢᠭᠤᠯᠤᠨ᠎ᠠ᠃ ᠣᠶᠢᠯᠠᠭᠠᠭᠰᠠᠨ ᠢᠶᠠᠷ᠂ 2025 ᠣᠨ ᠳᠤ ︽ᠢᠨᠵᠧᠨᠧᠷᠢᠩ ᠤᠨ ᠡᠯᠡᠰᠦ ᠶᠢ | ᠲᠣᠭᠲᠠᠪᠤᠷᠢᠵᠢᠭᠤᠯᠬᠤ + ᠪᠣᠳᠠ ᠮᠣᠳᠣ ᠶᠢ ᠣᠶᠢᠵᠢᠭᠤᠯᠬᠤ︾ ᠨᠢ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ | ᠵᠠᠰᠠᠬᠤ ᠲᠥᠷᠥᠯ ᠵᠦᠢᠯ ᠤᠨ 86% ᠶᠢ ᠡᠵᠡᠯᠡᠵᠦ᠂ ︽ᠤᠷᠢᠳ ᠢᠶᠠᠷ ᠪᠠᠬᠢᠵᠢᠭᠦᠯᠵᠦ ᠳᠠᠷᠠᠭ᠎ᠠ ᠨᠢ ᠨᠣᠭᠤᠭᠠᠷᠠᠭᠤᠯᠬᠤ︾ | ᠠᠮᠢ ᠠᠬᠤᠢ ᠶᠢ ᠰᠡᠷᠭᠦᠭᠡᠬᠦ ᠪᠢᠲᠡᠭᠦᠦ ᠴᠠᠭᠠᠷᠢᠭ ᠢ ᠪᠡᠶᠡᠯᠡᠭᠦᠯᠬᠦ ᠪᠣᠯᠣᠨ᠎ᠠ᠃ | ᠠᠤᠬᠠᠨ ᠬᠤᠰᠢᠭᠤᠨ ᠤ ᠬᠤᠷᠴᠢᠨ ᠤ ᠡᠯᠡᠰᠦ ᠶᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠭᠦᠨᠵᠡᠭᠡᠶᠢᠷᠡᠨ | ᠠᠭᠢᠬᠤ ᠶᠢ ᠳᠠᠭᠠᠯᠳᠤᠨ᠂ ᠡᠨᠡ ᠬᠡᠰᠡᠭ ᠤᠤᠯ ᠨᠢ ᠡᠯᠡᠰᠤ ᠮᠠᠩᠬ᠎ᠠ ᠬᠤᠶᠢᠯᠠᠷᠠᠭᠰᠠᠨ ᠭᠠᠵᠠᠷ ᠰᠢᠷᠣᠶ ᠨᠢ ᠶᠠᠭ ᠰᠢᠨ᠎ᠡ ᠴᠠᠭ | ᠦᠶ᠎ᠡ ᠶᠢᠨ ︽ᠨᠣᠭᠤᠭᠠᠷᠠᠭᠤᠯᠤᠯᠲᠠ ᠶᠢ ᠤᠷᠤᠭᠰᠢᠯᠠᠭᠤᠯᠵᠤ ᠡᠯᠡᠰᠦᠨ ᠰᠢᠭᠤᠷᠭ᠎ᠠ ᠶᠢ ᠤᠬᠤᠷᠢᠭᠤᠯᠵᠤ︾ ᠪᠣᠬᠢᠷᠳᠤᠯ | ᠦᠭᠡᠢ ᠳᠣᠮᠤᠭ ᠢ ᠪᠢᠴᠢᠭᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠳᠤ ᠠᠤᠬᠠᠨ ᠤ ᠬᠦᠴᠦᠨ ᠴᠢᠳᠠᠯ ᠢᠶᠠᠨ ᠡᠷᠭᠦᠵᠦ ᠪᠠᠶᠢᠨ᠎ᠠ᠃ |