ᠮᠠ ᠯᠢ ᠬᠤᠸᠠ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 89 ᠳ᠋ᠤᠭᠡᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2025/3/25
       3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 89 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ  ᠬᠤᠷᠠᠯᠳᠤᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠭᠦᠢᠵᠧᠦ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠦᠨᠨᠠᠨ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠪᠦᠬᠦ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ᠂ ᠰᠣᠶᠣᠯ ᠢ ᠤᠯᠠᠮᠵᠢᠯᠠᠬᠤ  ᠪᠠ ᠬᠠᠮᠠᠭᠠᠯᠠᠨ ᠠᠰᠢᠭᠯᠠᠬᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠭᠤᠤᠯ ᠱᠤᠭᠤᠮ ᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠠᠬᠢᠭᠤᠯᠵᠤ᠂ ︽ᠵᠢᠷᠭᠤᠭᠠᠨ ᠠᠵᠢᠯᠯᠠᠭ᠎ᠠ︾ ᠪᠠ ︽ᠠᠷᠪᠠᠨ ᠶᠡᠭᠡ ᠠᠵᠢᠯᠯᠠᠭ᠎ᠠ︾ ᠶᠢ ᠥᠷᠨᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠴᠢᠩᠭ᠎ᠠ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠰᠡᠳᠬᠢᠯ ᠲᠠᠯᠪᠢᠨ ᠬᠦᠴᠦ ᠲᠠᠯᠪᠢᠨ ᠳᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠳᠡᠭᠡᠳᠦ ᠱᠠᠲᠤᠨ ᠤ ᠨᠠᠮ ᠤᠨ ᠬᠤᠷᠢᠶᠠᠨ ᠤ ᠠᠵᠢᠯ ᠤᠨ ᠲᠤᠬᠢᠷᠠᠭᠤᠯᠤᠯᠳᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠠᠬᠢᠭᠤᠯᠵᠤ᠂ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠡᠷᠬᠡᠪᠰᠢ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠭᠠᠵᠠᠷ ᠣᠷᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ︵ᠰᠤᠷᠪᠤᠯᠵᠢᠯᠠᠭᠴᠢ  /  ᠸᠠᠩ ᠾᠧ ᠨᠠᠨ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号