| ᠬᠠᠷᠢᠶᠠᠲᠤ ᠣᠷᠣᠨ ᠤ ᠠᠵᠤ ᠠᠬᠤᠶ ᠨᠡᠶᠢᠭᠡᠮ ᠤᠨ ᠦᠢᠯᠡᠰ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠠᠵᠤ ᠠᠬᠤᠶᠢᠯᠠᠯ ᠤᠨ ᠲᠦᠷᠭᠡᠨ ᠠᠰᠢᠭᠯᠠᠯᠲᠠ ᠳᠤ ᠣᠷᠣᠵᠤ ᠡᠵᠡᠩᠨᠡᠬᠦ ᠳᠤ ᠬᠦᠴᠦᠨ | ᠨᠡᠮᠡᠷᠢᠯᠡᠵᠦ᠂ ᠡᠯ᠎ᠡ ᠡᠵᠡᠩᠨᠡᠯᠲᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠰᠢᠨ ᠵᠧᠦ ᠵᠡᠭᠡᠯᠢ ᠭᠤᠳᠤᠮᠵᠢ ᠶᠢᠨ ᠬᠢᠨ ︽ᠳᠥᠷᠪᠡ ᠶᠢ | ᠪᠣᠳᠠᠲᠠᠶᠢᠵᠢᠭᠤᠯᠬᠤ︾ ᠠᠷᠭ᠎ᠠ ᠬᠡᠮᠵᠢᠶ᠎ᠡ ᠠᠪᠴᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠠᠳᠬᠤᠪᠠ᠃ | ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠪᠠ᠃ ᠣᠶᠢᠷ᠎ᠠ ᠳᠤ᠂ ᠵᠡᠭᠡᠯᠢ ᠭᠤᠳᠤᠮᠵᠢ | ᠶᠢᠨ ᠬᠡᠷᠡᠭ ᠡᠷᠬᠢᠯᠡᠬᠦ ᠭᠠᠵᠠᠷ ᠨᠢ ᠬᠠᠮᠢᠶ᠎ᠠ ᠪᠦᠬᠦᠢ ᠥᠷᠲᠡᠭᠡ ᠭᠠᠵᠠᠷ᠂ ᠠᠯᠪᠠᠨ ᠭᠡᠷ᠂ ᠨᠡᠶᠢᠭᠡᠮ ᠲᠣᠭᠤᠷᠢᠭ ᠤᠨ | ᠲᠣᠰᠬᠤᠨ ᠤ ᠱᠦᠵᠢ᠂ ᠬᠠᠷᠢᠶ᠎ᠠ ᠣᠷᠣᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠶᠤᠯᠭᠦᠶ ᠦᠢᠯᠡᠳᠪᠦᠷᠢᠯᠡᠯ ᠤᠨ ᠲᠤᠰᠬᠠᠶ ᠰᠡᠳᠦᠪᠲᠦ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠳᠠᠮᠵᠢᠭᠤᠯᠵᠤ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠨᠢᠯᠲᠠ ᠪᠠᠨ | ᠳᠡᠭᠡᠭᠰᠢᠯᠡᠭᠦᠯᠵᠦ᠂ ᠬᠥᠮᠦᠨ ᠢᠶᠠᠷ ᠦᠨᠳᠦᠰᠦ ᠪᠣᠯᠭᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠲᠡᠷᠢᠭᠦᠨ | ᠪᠠᠶᠢᠷᠢᠨ ᠳᠤ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ ᠨᠡᠶᠢᠭᠡᠮ ᠲᠣᠭᠤᠷᠢᠭ ᠲᠣᠰᠬᠤᠨ᠂ ᠡᠯ᠎ᠡ ᠠᠵᠤ | ᠠᠬᠤᠶᠢᠯᠠᠯ ᠤᠨ ᠬᠢᠨ ᠲᠤᠰ ᠲᠤᠰ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠶᠤᠯᠭᠦᠢ | ᠦᠢᠯᠡᠳᠪᠦᠷᠢᠯᠡᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠵᠤ᠂ ᠠᠮᠤᠷ ᠲᠦᠪᠰᠢᠨ ᠤ ᠠᠳᠡᠯ ᠭᠠᠷᠬᠤ ᠶᠢ | ᠡᠷᠡᠰ ᠬᠤᠷᠢᠭᠯᠠᠵᠤ᠂ ᠦᠵᠡᠯ ᠰᠠᠨᠠᠭᠠᠨ ᠤ ᠲᠠᠯ᠎ᠠ ᠪᠠᠷ ᠠᠮᠤᠷ ᠲᠦᠪᠰᠢᠨ ᠤ ᠬᠥᠭᠵᠢᠯᠲᠡ ᠶᠢᠨ ᠦᠵᠡᠯᠲᠡ ᠶᠢ | ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠶᠠᠷ ᠲᠤ ᠂ ᠠᠮᠣᠷ ᠲᠦᠪᠰᠢᠨ ᠤ ᠪᠣᠯᠪᠠᠰᠣᠷᠠᠯ ᠢ ᠪᠣᠳᠠᠳᠠᠶᠢᠵᠢᠭᠤᠯᠪᠠ᠃ ᠵᠡᠭᠡᠯᠢ ᠭᠤᠳᠤᠮᠵᠢ ᠶᠢᠨ ᠬᠢᠨ | ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠪᠠᠶᠠᠷ ᠤᠨ ᠡᠳᠦᠷ ᠤᠨ ᠳᠠᠷᠠᠭ᠎ᠠ ᠠᠵᠢᠯ ᠤᠨ | ᠪᠠᠶᠢᠷᠢ ᠳᠠᠭᠠᠨ ᠪᠤᠴᠠᠭᠰᠠᠨ ᠠᠵᠢᠯᠲᠠᠳ ᠲᠤ ᠨᠢᠭᠡ ᠤᠳᠠᠭᠠᠨ ᠤ ᠳᠠᠬᠢᠨ ᠬᠥᠮᠦᠵᠢᠯ ᠪᠣᠯᠪᠠᠰᠤᠷᠠᠯ ᠬᠢᠵᠦ᠂ ᠠᠵᠢᠯ ᠤᠨ | ᠪᠠᠶᠢᠷᠢ ᠳᠠᠭᠠᠨ ᠪᠤᠴᠠᠭᠰᠠᠨ ᠠᠵᠢᠯᠲᠠᠨ ᠤ ᠠᠮᠤᠷ ᠲᠦᠪᠰᠢᠨ ᠤ ᠤᠬᠠᠮᠰᠠᠷ ᠢ ᠰᠡᠷᠭᠦᠭᠡᠵᠦ᠂ ᠠᠮᠤᠷ ᠲᠦᠪᠰᠢᠨ ᠢᠶᠠᠷ | ᠠᠵᠢᠯᠯᠠᠬᠤ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠢᠶᠠᠷ ᠠᠵᠢᠯᠯᠠᠬᠤ ᠶᠠᠪᠤᠴᠠ ᠶᠢ | ᠪᠣᠯᠪᠠᠰᠤᠷᠠᠩᠭᠤᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠣᠨᠴᠠ ᠲᠥᠷᠥᠯ ᠤᠨ | ᠠᠵᠢᠯᠯᠠᠭᠴᠢ ᠶᠢᠨ ᠬᠢᠷᠢ ᠬᠡᠮ ᠢ ᠴᠢᠩᠭ᠎ᠠ ᠬᠢᠨᠠᠨ ᠬᠠᠷᠭᠤᠭᠤᠯᠵᠤ᠂ ᠡᠯ᠎ᠡ ᠠᠵᠢᠯ ᠤᠨ ᠪᠠᠶᠢᠷᠢ ᠶᠢᠨ ᠬᠥᠮᠦᠰ ᠤᠨ | ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠦᠨᠡᠨ ᠬᠦ ᠪᠠᠲᠤᠯᠠᠵᠤ᠂ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠳᠤ ᠪᠠᠲᠤ ᠪᠠᠬᠢ ᠠᠵᠢᠯᠲᠠᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ | ᠭᠤᠷᠪᠠ ᠳᠤ ᠂ ᠲᠣᠭᠲᠠᠴᠠ ᠶᠢ ᠲᠡᠭᠦᠯᠳᠡᠷᠵᠢᠭᠦᠯᠦᠨ ᠪᠣᠳᠠᠲᠠᠶᠢᠵᠢᠭᠤᠯᠪᠠ᠃ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ | ᠠᠬᠤᠶᠢᠯᠠᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠠᠵᠢᠯ | ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ︾ ᠪᠠ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ | ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ | ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠬᠠᠷᠢᠭᠤᠴᠠᠯᠭ᠎ᠠ ᠶᠢᠨ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠢᠶᠠᠷ ᠡᠵᠡᠩᠨᠡᠬᠦ ᠶᠢ ᠦᠨᠡᠨᠬᠦ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ | ᠳᠦᠷᠪᠡ ᠳᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠪᠣᠳᠠᠲᠠᠶᠢᠵᠢᠭᠤᠯᠪᠠ᠃ ᠵᠡᠭᠡᠯᠢ ᠭᠤᠳᠤᠮᠵᠢ ᠶᠢᠨ | ᠭᠤᠤᠯ ᠤᠳᠤᠷᠢᠳᠤᠯᠭ᠎ᠠ ᠠᠶᠤᠯᠭᠦᠶ ᠦᠢᠯᠡᠳᠪᠦᠷᠢᠯᠡᠯ ᠤᠨ ᠬᠢᠨᠠᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ | ᠂ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ᠂ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠢ ᠳᠠᠭᠠᠭᠤᠯᠤᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠬᠠᠷᠢᠶ᠎ᠠ ᠣᠷᠣᠨ ᠤ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠣᠷᠣᠨ ᠪᠠᠶᠢᠷᠢ᠂ | ᠡᠯ᠎ᠡ ᠡᠵᠡᠩᠨᠡᠯᠲᠡ ᠶᠢᠨ ᠲᠠᠯᠠᠪᠤᠷ ᠲᠤ ᠭᠦᠨᠵᠡᠭᠡᠶᠢᠷᠡᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠠᠴᠠ ᠡᠮᠦᠨᠡᠬᠢ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠪᠡ᠃ ᠠᠶᠤᠯᠲᠠᠶ ᠬᠢᠮᠢ ᠶᠢᠨ ᠪᠣᠳᠠᠰ ᠵᠢᠴᠢ | ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠦᠢᠯᠡᠳᠪᠦᠷᠢᠯᠡᠵᠦ ᠪᠣᠷᠣᠯᠠᠭᠤᠯᠬᠤ᠂ ᠬᠢᠵᠠᠭᠠᠷᠲᠠᠶ ᠣᠷᠣᠨ ᠵᠠᠶ᠂ ᠲᠣᠭᠤᠰᠣ | ᠳᠡᠯᠪᠡᠷᠡᠯᠲᠡ ᠳᠤ ᠬᠤᠯᠪᠣᠭᠳᠠᠬᠤ᠂ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠬᠤᠤᠷᠳᠠᠭᠳᠠᠭᠰᠠᠨ ᠪᠥᠭᠯᠡᠷᠡᠬᠦ᠂ | ᠰᠠᠪᠠ ᠶᠢᠨ ᠳᠡᠯᠪᠡᠷᠡᠯᠲᠡ᠂ ᠮᠧᠬᠠᠨᠢᠭ ᠭᠡᠮᠲᠦᠯ᠂ ᠭᠠᠯ ᠢ ᠰᠡᠷᠭᠡᠶᠢᠯᠡᠵᠦ ᠳᠡᠯᠪᠡᠷᠡᠯᠲᠡ ᠶᠢ ᠰᠡᠷᠭᠡᠶᠢᠯᠡᠬᠦ᠂ ᠰᠢᠲᠠᠮᠠᠬᠠᠶ | ᠬᠡᠢ ᠬᠡᠷᠡᠭᠯᠡᠬᠦ᠂ ᠭᠠᠯ ᠤᠨᠲᠠᠷᠠᠭᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠢ | ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠢ | ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠴᠠᠭ ᠲᠤᠬᠠᠶ ᠳᠤᠨᠢ ᠠᠰᠢᠭᠯᠠᠯᠲᠠ ᠳᠤ | ᠣᠷᠣᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠪᠠ ᠃ | ᠲᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠨᠠᠩ ᠪᠣᠳᠠᠲᠠᠶ ᠠᠷᠭ᠎ᠠ | ᠬᠡᠮᠵᠢᠶ᠎ᠡ᠂ ᠨᠠᠩ ᠰᠢᠯᠢᠳᠡᠭ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠪᠠ ᠨᠠᠩ ᠬᠦᠴᠦᠲᠡᠶ ᠠᠮᠤᠷ ᠲᠦᠪᠰᠢᠨ ᠤ | ᠪᠠᠲᠤᠯᠠᠭ᠎ᠠ ᠶᠢᠨ ᠲᠣᠭᠲᠠᠴᠠ ᠪᠠᠷ ᠬᠠᠷᠢᠶᠠᠲᠤ ᠣᠷᠣᠨ ᠤ ᠠᠵᠤ ᠠᠬᠤᠶᠢᠯᠠᠯ ᠤᠨ ᠡᠷᠡᠭᠦᠯ ᠪᠥᠭᠡᠳ ᠲᠦᠷᠭᠡᠨ | ᠬᠥᠭᠵᠢᠯᠲᠡ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠰᠦᠷ ᠳᠠᠯᠠᠶᠢᠴᠠᠲᠠᠶ ᠬᠦᠴᠦᠨ ᠴᠢᠳᠠᠯ ᠢᠶᠠᠨ ᠡᠷᠭᠦᠨ᠎ᠡ᠃ |