ᠠᠤᠬᠠᠨ ᠬᠤᠰᠢᠭᠤᠨ ᠤ ᠡᠮᠨᠡᠯᠭᠡ ᠶᠢᠨ  ᠬᠤᠷᠢᠶ᠎ᠠ ᠶᠢᠨ ᠢᠨᠲ᠋ᠧᠷ  ᠰᠦᠯᠵᠢᠶ᠎ᠡ + ᠠᠰᠠᠷᠠᠨ ᠰᠤᠪᠢᠯᠠᠬᠤ ᠦᠢᠯᠡᠴᠢᠯᠡᠭᠡ ᠰᠦᠯᠵᠢᠶᠡᠨ ᠳᠤ ᠭᠠᠷᠪᠠ
ᠨᠡᠶᠢᠲᠡᠯᠡᠭᠰᠡᠨ ᠴᠠᠭ᠄
2025/3/26
     ᠡᠪᠡᠳᠴᠢᠲᠡᠨ ᠤ ᠬᠡᠷ ᠲᠡᠭᠡᠨ ᠰᠠᠭᠤᠵᠤ ᠰᠤᠪᠢᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠴᠢᠨᠠᠷ ᠰᠠᠶᠢᠲᠠᠶ ᠠᠰᠠᠷᠠᠨ ᠰᠤᠪᠢᠯᠠᠬᠤ ᠦᠢᠯᠡᠴᠢᠯᠡᠭᠡ ᠶᠢ ᠬᠦᠷᠦᠯᠴᠡᠬᠦ ᠪᠣᠯᠭᠠᠬᠤ ᠶᠢᠨ ᠲᠥᠯᠥᠭᠡ᠂ ᠲᠣᠰ ᠡᠳᠦᠷ ᠠᠴᠠ ᠡᠬᠢᠯᠡᠨ᠂ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶ᠎ᠠ ︽ᠢᠨᠲ᠋ᠧᠷ  ᠰᠦᠯᠵᠢᠶ᠎ᠡ + ᠠᠰᠠᠷᠠᠨ ᠰᠤᠪᠢᠯᠠᠬᠤ ︾ ᠶᠢ ᠭᠡᠷ  ᠲᠤᠨᠢ ᠬᠦᠷᠴᠦ ᠦᠢᠯᠡᠴᠢᠯᠡᠬᠦ ᠶᠢ ᠰᠦᠯᠵᠢᠶᠡᠨ ᠳᠤ ᠭᠠᠷᠭᠠᠪᠠ᠃  ᠭᠠᠷ ᠤᠲᠠᠰᠤ ᠪᠠᠷ  ᠪᠣᠯᠵᠤᠭᠠᠳ  ᠳᠡᠶᠢᠯᠪᠡᠯ᠂ ᠰᠤᠪᠢᠯᠠᠭᠴᠢ ᠬᠡᠷ ᠲᠤᠨᠢ ᠬᠦᠷᠴᠦ ᠠᠮᠤᠷ ᠲᠦᠪᠰᠢᠨ᠂ ᠳᠥᠭᠦᠮ ᠳᠥᠲᠡ ᠰᠤᠪᠢᠯᠠᠯᠲᠠ ᠶᠢᠨ ᠦᠢᠯᠡᠴᠢᠯᠡᠭᠡ ᠬᠠᠩᠭᠠᠵᠤ᠂ ᠬᠠᠶᠢᠷ᠎ᠠ ᠬᠠᠯᠠᠮᠵᠢ ᠶᠢ ᠨᠠᠩ ᠳᠣᠲᠣᠨᠣ ᠪᠣᠯᠭᠠᠨ᠎ᠠ᠃    ᠲᠣᠰ ᠤᠳᠠᠭᠠᠨ ᠤ ᠰᠢᠨ᠎ᠡ ᠪᠠᠷ ᠨᠡᠮᠡᠭᠳᠡᠭᠰᠡᠨ ︽ᠬᠡᠷ ᠪᠦᠯᠢ ᠶᠢᠨ ᠰᠤᠪᠢᠯᠠᠯᠲᠠ︾ ᠶᠢᠨ  ᠦᠢᠯᠡᠴᠢᠯᠡᠭᠡ ᠨᠢ ᠰᠠᠭᠤᠷᠢ ᠰᠤᠪᠢᠯᠠᠯᠲᠠ᠂ ᠲᠤᠰᠬᠠᠶ ᠰᠠᠯᠠᠭᠠᠨ ᠤ ᠰᠤᠪᠢᠯᠠᠯᠲᠠ᠂ ᠡᠬᠡ ᠨᠢᠯᠬᠠᠰ ᠤᠨ ᠰᠤᠪᠢᠯᠠᠯᠲᠠ᠂ ᠰᠤᠪᠢᠯᠠᠭᠴᠢ ᠪᠠᠷ᠎ᠠ ᠪᠣᠯᠵᠣ ᠡᠮᠨᠡᠭᠦᠯᠬᠦ ᠳᠥᠷᠪᠡᠨ ᠲᠠᠯ᠎ᠠ ᠶᠢ ᠬᠠᠮᠤᠷᠴᠠᠶ᠃    ︽ᠬᠡᠷ ᠪᠦᠯᠢ ᠶᠢᠨ ᠰᠤᠪᠢᠯᠠᠯᠲᠠ︾ ᠶᠢᠨ ᠦᠢᠯᠡᠴᠢᠯᠡᠭᠡᠨ ᠤ ᠬᠡᠪᠴᠢᠶ᠎ᠡ ᠶᠢ ᠡᠮᠨᠡᠯᠭᠡ ᠶᠢᠨ ᠬᠤᠷᠢᠶ᠎ᠠ ᠪᠠᠷ ᠲᠣᠭᠤᠷᠢᠭ ᠲᠥᠪ ᠪᠣᠯᠭᠠᠵᠤ᠂ ᠠᠷᠪᠠᠨ ᠺᠢᠯᠦᠮᠧᠲᠷ ᠤᠨ ᠬᠡᠪᠴᠢᠶᠡᠨ ᠳᠤ ᠪᠠᠶᠢᠵᠤ ᠂ ᠰᠡᠭᠦᠯᠡᠷ ᠨᠢ ᠣᠷᠣᠨ ᠪᠦᠰᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃    ᠪᠣᠳᠠᠲᠠᠶ ᠬᠢᠬᠦ ᠠᠯᠬᠤᠮ ᠳᠠᠷᠠᠭ᠎ᠠ᠄    1. ᠰᠦᠯᠵᠢᠶᠡᠨ ᠳᠡᠭᠡᠷ᠎ᠡ ᠪᠣᠯᠵᠣᠬᠤ᠄ ᠸᠢᠴᠠᠲ ᠢᠶᠠᠷ ᠠᠤᠬᠠᠨ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠨᠣᠮᠧᠷ —︽ᠭᠡᠷ ᠪᠦᠯᠢ ᠶᠢᠨ ᠰᠤᠪᠢᠯᠠᠯᠲᠠ︾  ᠶᠢᠨ ᠳᠠᠷᠤᠪᠴᠢ ᠶᠢ ᠳᠠᠷᠤᠵᠤ —  ᠲᠦᠷᠦᠯ ᠵᠦᠢᠯ ᠢᠶᠠᠨ ᠰᠤᠩᠭᠤᠵᠤ ᠬᠡᠷᠡᠭᠴᠡᠭᠡ ᠱᠠᠭᠠᠷᠳᠠᠯᠭ᠎ᠠ  ᠪᠠᠨ ᠲᠠᠭᠯᠠᠨ᠎ᠠ ᠃    2. ᠵᠠᠬᠢᠶᠠᠯᠠᠭ᠎ᠠ ᠶᠢᠨ ᠬᠠᠭᠤᠳᠠᠰᠤ ᠶᠢ  ᠨᠣᠲᠠᠯᠠᠬᠤ᠄ ᠰᠤᠪᠢᠯᠠᠭᠴᠢ ᠦᠨᠡᠯᠡᠭᠰᠡᠨ ᠤ ᠳᠠᠷᠠᠭ᠎ᠠ ᠲᠠᠨ ᠲᠠᠢ ᠬᠠᠷᠢᠯᠴᠠᠵᠤ᠂ ᠴᠠᠭ ᠬᠤᠭᠤᠴᠠᠭ᠎ᠠ᠂ ᠰᠦᠢᠳᠭᠡᠯ ᠵᠢᠴᠢ ᠠᠩᠬᠠᠷᠬᠤ ᠵᠦᠢᠯᠡᠰ ᠢ ᠨᠤᠲᠠᠯᠠᠬᠤ᠃    3. ᠭᠡᠷ ᠲᠤᠨᠢ ᠬᠦᠷᠴᠦ ᠦᠢᠯᠡᠴᠢᠯᠡᠬᠦ᠄ ᠦᠨᠡᠮᠯᠡᠯ ᠲᠠᠢ ᠰᠤᠪᠢᠯᠠᠭᠴᠢ ᠲᠤᠰᠬᠠᠶ ᠮᠡᠷᠭᠡᠵᠢᠯ ᠤᠨ ᠪᠠᠭᠠᠵᠢ ᠬᠡᠷᠡᠭᠰᠡᠯ ᠢᠶᠠᠨ ᠠᠪᠴᠤ᠂ ᠪᠣᠯᠵᠣᠨ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠰᠤᠪᠢᠯᠠᠯᠲᠠ ᠬᠢᠵᠦ᠂ ᠪᠥᠬᠦ ᠶᠠᠪᠤᠴᠠ ᠶᠢ ᠠᠮᠤᠷ ᠲᠦᠪᠰᠢᠨ ᠨᠡᠬᠡᠮᠵᠢᠯᠡᠵᠦ᠂ ᠲᠠᠨ ᠢ ᠬᠡᠷ ᠠᠴᠠ ᠪᠠᠨ ᠭᠠᠷᠬᠤ ᠦᠭᠡᠢ ᠪᠠᠷ ᠲᠤᠰᠬᠠᠶ ᠮᠡᠷᠭᠡᠵᠢᠯ ᠤᠨ ᠰᠤᠪᠢᠯᠠᠯᠲᠠ ᠬᠢᠨ᠎ᠠ ᠃  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号