ᠠᠣᠬᠠᠨ ᠬᠤᠰᠢᠭᠤ ᠬᠤᠶᠠᠳᠤᠭᠠᠷ ᠪᠦᠯᠦᠭ ᠤᠨ ᠲᠣᠮᠣ ᠳᠤᠮᠳᠠ ᠬᠡᠯᠪᠡᠷᠢ ᠶᠢᠨ ᠴᠥᠭᠦᠷᠥᠮ ᠤᠨ ᠨᠡᠭᠦᠳᠡᠯ ᠠᠷᠠᠳ ᠤᠨ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥᠯ ᠵᠦᠢᠯ ᠤᠨ ᠪᠡᠯᠡ ᠮᠥᠩᠭᠦ ᠶᠢ 961.8 ᠲᠦᠮᠡᠨ ᠲᠥᠭᠦᠷᠢᠭ ᠲᠡᠮᠡᠴᠡᠨ ᠣᠯᠪᠠ
ᠨᠡᠶᠢᠲᠡᠯᠡᠭᠰᠡᠨ ᠴᠠᠭ᠄
2025/3/26
     ᠣᠶᠢᠷ᠎ᠠ ᠳᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 2025 ᠣᠨ ᠤ ᠬᠤᠶᠠᠳᠤᠭᠠᠷ ᠪᠦᠯᠦᠭ ᠤᠨ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠨ ᠳᠡᠮᠵᠢᠬᠦ ᠲᠥᠷᠥᠯ ᠵᠦᠢᠯ ᠤᠨ ᠪᠡᠯᠡ ᠮᠥᠩᠭᠦ ᠶᠢ 961.8 ᠲᠦᠮᠡᠨ ᠲᠥᠭᠦᠷᠢᠭ ᠴᠢᠷᠮᠠᠶᠢᠨ ᠣᠯᠪᠠ᠃ 8 ᠰᠢᠶᠠᠩ ᠪᠠᠯᠭᠠᠰᠤᠨ ᠤ 10 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠂ 11.76  ᠺᠢᠯᠦᠮᠧᠲᠷ ᠱᠦᠢᠨᠢ ᠵᠠᠮ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ 530 ᠨᠡᠷᠡᠨ ᠡᠨᠧᠷᠭᠢ ᠶᠢᠨ ᠵᠠᠮ ᠤᠨ ᠳ᠋ᠧᠩ ᠤᠭᠰᠠᠷᠠᠵᠤ᠂ 300 ᠲᠡᠭᠰᠢ ᠳᠥᠷᠪᠡᠯᠵᠢᠨ ᠮᠧᠲᠷ ᠤᠨ ᠰᠣᠶᠣᠯ ᠤᠨ ᠠᠵᠢᠯᠯᠠᠭᠠᠨ ᠤ ᠲᠠᠰᠤᠭ ᠢ ᠥᠭᠡᠷᠡᠴᠢᠯᠡᠨ ᠪᠠᠶᠢᠭᠤᠯᠵᠤ᠂ 2840 ᠲᠡᠭᠰᠢ ᠳᠥᠷᠪᠡᠯᠵᠢᠨ ᠮᠧᠲᠷ ᠤᠨ ᠰᠣᠶᠣᠯ ᠤᠨ ᠲᠠᠯᠠᠪᠠᠶ ᠶᠢ ᠪᠠᠶᠢᠭᠤᠯᠵᠤ᠂ 2 ᠨᠦᠬᠡᠲᠦ 4.0 ᠮᠧᠲᠷ ᠤᠨ ᠥᠷᠭᠡᠨ ᠪᠦᠷᠬᠦᠭᠡᠰᠦᠲᠦ ᠭᠤᠯᠳᠤᠩ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠰᠤᠨ ᠴᠥᠭᠦᠷᠥᠮ ᠤᠨ ᠨᠡᠭᠦᠳᠡᠯ ᠠᠷᠠᠳ ᠵᠢᠴᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠢᠴᠢ ᠶᠠᠪᠤᠵᠤ ᠰᠠᠭᠤᠬᠤ ᠠᠰᠠᠭᠤᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠲᠤᠬᠠᠶ ᠶᠢᠨ ᠭᠠᠵᠠᠷ ᠤᠨ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号