| ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠢᠳᠡᠭ ᠢᠳᠡᠭ ᠢᠶᠠᠷ ᠬᠤᠶᠢᠰᠢᠯᠠᠭᠤᠯᠬᠤ | ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠬᠥᠮᠦᠨ ᠠᠮᠠ ᠶᠢᠨ ᠬᠥᠭᠵᠢᠯᠲᠡ ᠶᠢᠨ ᠰᠢᠨ᠎ᠡ | ᠪᠠᠶᠢᠳᠠᠯ ᠳᠤ ᠵᠣᠬᠢᠴᠠᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠢ ᠭᠦᠢᠴᠡᠳ ᠨᠡᠭᠡᠭᠡᠨ ᠠᠰᠢᠭᠯᠠᠬᠤ ᠶᠢᠨ | ᠲᠥᠯᠥᠭᠡ᠂ ᠦᠨᠳᠦᠰᠦᠨ ᠬᠠᠤᠯᠢ ᠶᠢ ᠦᠨᠳᠦᠰᠦᠯᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ | ᠬᠤᠷᠠᠯᠳᠤᠭᠠᠨ ᠠᠴᠠ᠄ | ᠨᠢᠭᠡ᠂ ᠡᠷᠡᠭᠲᠡᠶ ᠂ ᠡᠮᠡᠭᠲᠡᠢ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠠᠮᠠᠷᠠᠬᠤ ᠨᠠᠰᠤ ᠶᠢ ᠬᠤᠶᠢᠰᠢᠯᠠᠭᠤᠯᠬᠤ ᠶᠢ ᠵᠡᠷᠭᠡᠪᠡᠷ ᠡᠬᠢᠯᠡᠭᠦᠯᠵᠦ᠂ ᠠᠷᠪᠠᠨ ᠲᠠᠪᠤᠨ ᠵᠢᠯ ᠤᠨ ᠬᠤᠭᠤᠴᠠᠭ᠎ᠠ ᠶᠢ | ᠬᠡᠷᠡᠭᠯᠡᠵᠦ ᠪᠠᠶᠢᠭᠠᠳ ᠡᠷᠡᠭᠲᠡᠶ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ | ᠨᠠᠰᠤ ᠶᠢ ᠤᠤᠯ ᠤᠨ ᠪᠦᠬᠦᠯᠢ ᠵᠠᠷᠢ ᠪᠠᠶᠢᠭᠰᠠᠨ ᠠᠴᠠ ᠪᠦᠬᠦᠯᠢ ᠵᠢᠷᠠᠨ ᠭᠤᠷᠪᠠᠨ ᠨᠠᠰᠤ ᠬᠦᠷᠲᠡᠯ᠎ᠡ ᠢᠳᠡᠭ | ᠢᠳᠡᠭ ᠢᠶᠠᠷ ᠬᠤᠶᠢᠰᠢᠯᠠᠭᠤᠯᠵᠤ᠂ ᠡᠮᠡᠭᠲᠡᠶ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠠᠮᠠᠷᠠᠬᠤ ᠨᠠᠰᠤ ᠶᠢ ᠤᠤᠯ ᠤᠨ ᠪᠦᠬᠦᠯᠢ ᠲᠠᠪᠢᠨ ᠨᠠᠰᠤ᠂ ᠲᠠᠪᠢᠨ ᠲᠠᠪᠤᠨ ᠨᠠᠰᠤ ᠠᠴᠠ ᠲᠤᠰ ᠲᠤᠰ ᠪᠦᠬᠦᠯᠢ | ᠲᠠᠪᠢᠨ ᠲᠠᠪᠤᠨ ᠨᠠᠰᠤ᠂ ᠲᠠᠪᠢᠨ ᠨᠠᠢᠮᠠᠨ ᠨᠠᠰᠤ ᠬᠦᠷᠲᠡᠯ᠎ᠡ ᠬᠤᠶᠢᠰᠢᠯᠠᠭᠤᠯᠤᠨ᠎ᠠ᠃ | ᠬᠤᠶᠠᠷ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠢᠳᠡᠭ ᠢᠳᠡᠭ ᠢᠶᠠᠷ | ᠬᠤᠶᠢᠰᠢᠯᠠᠭᠤᠯᠬᠤ ᠶᠠᠪᠤᠳᠠᠯ ᠢ ᠪᠠᠭ᠎ᠠ ᠠᠯᠬᠤᠮ ᠢᠶᠠᠷ ᠲᠣᠬᠢᠷᠠᠭᠤᠯᠬᠤ᠂ ᠠᠮᠢᠳᠤᠯᠢᠭ ᠢᠶᠠᠷ ᠬᠡᠷᠡᠭᠵᠢᠭᠦᠯᠬᠦ᠂ ᠲᠥᠷᠥᠯ | ᠬᠤᠪᠢᠶᠠᠨ ᠲᠦᠯᠬᠢᠨ ᠠᠬᠢᠭᠤᠯᠬᠤ᠂ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠵᠠᠷᠴᠢᠮ ᠢ | ᠪᠠᠷᠢᠮᠳᠠᠯᠠᠬᠤ ᠬᠡᠷᠡᠭᠲᠡᠢ᠃ | ᠭᠤᠷᠪᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ | ᠠᠷᠭᠠᠴᠠᠭᠠᠵᠤ᠂ ᠬᠥᠳᠡᠯᠮᠦᠷᠢᠴᠢᠳ ᠤᠨ ᠠᠵᠢᠯ ᠣᠯᠵᠤ ᠦᠢᠯᠡᠰ ᠪᠤᠰᠬᠠᠬᠤ ᠶᠢ ᠵᠣᠷᠢᠭᠵᠢᠭᠤᠯᠤᠨ ᠳᠡᠮᠵᠢᠵᠦ᠂ | ᠬᠥᠳᠡᠯᠮᠦᠷᠢᠴᠢᠳ ᠤᠨ ᠡᠷᠬᠡ ᠠᠰᠢᠭ ᠢ ᠦᠨᠡᠨ ᠬᠦ ᠪᠠᠲᠤᠯᠠᠨ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠵᠡᠷᠭᠡ ᠬᠠᠮᠢᠶ᠎ᠠ ᠪᠥᠬᠦᠶ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠶ᠃ | ᠳᠥᠷᠪᠡ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠢᠳᠡᠭ ᠢᠳᠡᠭ ᠢᠶᠠᠷ | ᠬᠤᠶᠢᠰᠢᠯᠠᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠷᠭ᠎ᠠ︾ ᠶᠢ ᠵᠥᠪᠰᠢᠶᠡᠷᠡᠨ᠎ᠡ᠃ ᠲᠥᠷᠥ ᠶᠢᠨ | ᠶᠠᠪᠤᠳᠠᠯ ᠤᠨ ᠬᠤᠷᠢᠶ᠎ᠠ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠤᠰ ᠠᠷᠭ᠎ᠠ ᠶᠢ ᠨᠠᠶᠢᠳᠠᠪᠤᠷᠢᠵᠢᠭᠤᠯᠵᠤ | ᠨᠥᠬᠦᠪᠥᠷᠢᠯᠡᠬᠦ ᠪᠠ ᠨᠠᠷᠢᠯᠢᠭᠵᠢᠭᠤᠯᠵᠤ ᠪᠣᠯᠤᠨ᠎ᠠ᠃ | ᠲᠠᠪᠤ᠂ ᠲᠤᠰ ᠲᠣᠭᠲᠠᠭᠠᠯ ᠢ 2025 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠲᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠬᠤᠷᠠᠯᠳᠤᠭᠠᠨ ᠠᠴᠠ ᠵᠥᠪᠰᠢᠶᠡᠷᠡᠭᠰᠡᠨ ︽ᠬᠥᠭᠰᠢᠨ ᠪᠠᠭᠤᠷᠠᠶ | ᠡᠪᠡᠳᠴᠢᠲᠠᠢ ᠵᠡᠮᠳᠡᠭ ᠺᠠᠳ᠋ᠷᠴᠤᠳ ᠢ ᠲᠥᠪᠬᠢᠨᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠦᠷ | ᠬᠡᠷᠡᠭᠵᠢᠭᠦᠯᠬᠦ ᠠᠷᠭ᠎ᠠ ︾ ᠪᠠ ︽ᠠᠵᠢᠯᠴᠢᠨ ᠤ ᠠᠵᠢᠯ ᠠᠴᠠ ᠪᠠᠨ ᠠᠮᠠᠷᠠᠬᠤ᠂ ᠲᠤᠰᠢᠶᠠᠯ ᠠᠴᠠ ᠪᠠᠨ ᠪᠠᠭᠤᠬᠤ | ᠨᠠᠰᠤᠨ ᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠦᠷ ᠬᠡᠷᠡᠭᠵᠢᠭᠦᠯᠬᠦ ᠠᠷᠭ᠎ᠠ︾ ᠳᠠᠬᠢ | ᠠᠵᠢᠯ ᠠᠴᠠ ᠪᠠᠨ ᠠᠮᠠᠷᠠᠬᠤ ᠨᠠᠰᠤᠨ ᠤ ᠲᠤᠬᠠᠢ ᠬᠤᠯᠪᠣᠭᠳᠠᠯ ᠪᠥᠬᠦᠶ ᠲᠣᠭᠲᠠᠭᠠᠯ ᠢ ᠲᠠᠬᠢᠵᠤ ᠬᠡᠷᠡᠭᠵᠢᠭᠦᠯᠬᠦ ᠦᠭᠡᠢ | ᠃ |