ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠪᠠᠶᠢᠭᠤᠯᠤᠯᠲᠠ ᠪᠠᠷ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/3/31
       ︽ᠨᠠᠮ ᠤᠨ ᠪᠠᠶᠢᠭᠤᠯᠤᠯᠲᠠ + ᠲᠤᠬᠠᠶᠢᠯᠠᠭᠰᠠᠨ ᠠᠵᠢᠯ︾ ᠤᠨ ᠠᠭᠤᠰᠤᠯᠴᠠᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠠᠮᠢᠵᠢᠷᠠᠯ ᠤᠨ ᠬᠦᠴᠦᠨ ᠪᠦᠬᠦᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ ᠨᠠᠮ ᠤᠨ ᠪᠠᠶᠢᠭᠤᠯᠤᠯᠲᠠ ᠶᠢᠨ ᠨᠠᠷᠠᠲᠤ ᠲᠡᠮᠳᠡᠭ ᠤᠨ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠪᠠ ᠵᠠᠯᠠᠭᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠵᠤ᠂ ᠬᠥᠳᠡᠯᠮᠦᠷᠢ ᠶᠢᠨ ᠮᠠᠷᠭᠤᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠠᠬᠢᠭᠤᠯᠪᠠ᠃    ᠣᠶᠢᠷ᠎ᠠ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠠᠯᠠᠭᠤ ᠨᠠᠮ ᠤᠨ ᠭᠡᠰᠢᠭᠦᠨ ᠬᠥᠨᠳᠡᠯᠡᠨ ᠠᠴᠠ ᠲᠠᠰᠤᠯᠬᠤ ᠵᠡᠷᠭᠡ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠬᠦᠷᠴᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ᠂ ᠠᠵᠢᠯᠴᠢᠨ ᠬᠡᠷᠡᠭᠯᠡᠬᠦ ᠬᠡᠪᠴᠢᠶ᠎ᠡ ᠵᠢᠴᠢ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠠᠵᠢᠯᠲᠠᠨ ᠪᠠ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠲᠠᠯ᠎ᠠ ᠪᠠᠷ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠣᠨᠣᠰᠬᠤ ᠶᠢᠨ ᠬᠠᠮᠲᠤ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠰᠠᠨᠠᠯ ᠪᠠ ᠰᠠᠨᠠᠭᠤᠯᠭ᠎ᠠ ᠬᠠᠩᠭᠠᠪᠠ᠃ ᠰᠢᠨ᠎ᠡ ᠪᠠᠷ ᠠᠵᠢᠯ ᠣᠯᠤᠭᠰᠠᠨ ᠠᠵᠤ ᠠᠬᠤᠶᠢᠯᠠᠯ ᠤᠨ ᠨᠡᠶᠢᠳᠡᠮ ᠠᠩᠬᠠᠷᠴᠤ ᠪᠠᠶᠢᠭ᠎ᠠ ᠬᠠᠤᠯᠢ ᠴᠠᠭᠠᠵᠠ ᠶᠢᠨ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠵᠢᠱᠢᠶᠡᠯᠡᠪᠡᠯ ᠬᠥᠳᠡᠯᠮᠦᠷᠢ ᠶᠢᠨ ᠭᠡᠷ᠎ᠡ ᠲᠣᠭᠲᠠᠬᠤ᠂ ᠠᠵᠢᠯᠯᠠᠬᠤ ᠴᠠᠭ ᠤᠨ ᠠᠮᠠᠷᠠᠯᠲᠠ᠂ ᠨᠡᠶᠢᠭᠡᠮ ᠤᠨ ᠳᠠᠭᠠᠳᠬᠠᠯ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠮᠠᠳᠠᠭ ᠲᠠᠢ ᠠᠰᠠᠭᠤᠳᠠᠯ ᠳᠤ ᠴᠢᠭᠯᠡᠭᠦᠯᠦᠨ᠂ ᠵᠠᠯᠠᠭᠤᠴᠤᠳ ᠤᠨ ᠬᠥᠨᠳᠡᠯᠡᠨ ᠠᠴᠠ ᠲᠠᠰᠤᠯᠤᠭᠴᠢ ᠨᠢ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠵᠦ᠂ ᠠᠵᠤ ᠠᠬᠤᠶᠢᠯᠠᠯ ᠢ ᠬᠠᠪᠰᠤᠷᠤᠨ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠣᠨᠣᠪᠴᠢᠲᠠᠶ ᠣᠶᠢᠯᠠᠭᠠᠭᠤᠯᠵᠤ᠂ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠶᠢ ᠬᠥᠲᠥᠯᠥᠨ ᠵᠢᠯᠣᠭᠤᠳᠴᠤ᠂ ᠬᠥᠳᠡᠯᠮᠦᠷᠢ ᠶᠢᠨ ᠮᠠᠷᠭᠤᠯᠳᠤᠭᠠᠨ ᠡᠭᠦᠰᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠪᠠ᠃    ᠲᠣᠰ ᠤᠳᠠᠭᠠᠨ ᠤ ᠵᠠᠯᠠᠭᠤ ᠨᠠᠮ ᠤᠨ ᠭᠡᠰᠢᠭᠦᠨ ᠬᠥᠨᠳᠡᠯᠡᠨ ᠠᠴᠠ ᠲᠠᠰᠤᠯᠬᠤ ᠳᠤ ᠦᠢᠯᠡᠴᠢᠯᠡᠬᠦ ᠠᠵᠤ ᠠᠬᠤᠶᠢᠯᠠᠯ ᠤᠨ ᠠᠵᠢᠯᠯᠠᠭ᠎ᠠ ᠪᠣᠯ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠠᠶ ᠠᠷᠭ᠎ᠠ ᠬᠡᠮᠵᠢᠶ᠎ᠡ ᠮᠥᠨ᠂ ᠪᠠᠰᠠ ᠴᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠠᠮᠢᠳᠤᠯᠢᠭ ᠦᠢᠯᠡᠳᠦᠯᠭᠡ ᠮᠥᠨ᠃ ᠨᠠᠷᠢᠯᠢᠭ  ᠣᠨᠤᠪᠴᠢᠲᠠᠢ ᠦᠢᠯᠡᠴᠢᠯᠡᠬᠦ  ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ ᠠᠵᠢᠯᠴᠢᠨ ᠬᠡᠷᠡᠭᠯᠡᠬᠦ ᠴᠢᠳᠠᠪᠤᠷᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ᠬᠤᠭᠤᠷᠣᠨᠳᠣᠬᠢ ᠬᠠᠷᠢᠯᠴᠠᠭ᠎ᠠ ᠶᠢ ᠤᠯᠠᠮ ᠨᠢᠭᠲᠠᠷᠠᠭᠤᠯᠵᠤ᠂ ᠡᠶ᠎ᠡ ᠵᠣᠬᠢᠴᠠᠩᠭᠤᠶ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠣᠶ ᠪᠣᠯᠭᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠭᠦᠨᠵᠡᠭᠡᠶ ᠠᠭᠤᠰᠤᠯᠴᠠᠯ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠠᠵᠢᠯ ᠣᠯᠵᠤ  ᠦᠢᠯᠡᠰ ᠪᠤᠰᠬᠠᠬᠤ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠶᠢᠨ ᠬᠠᠷᠢᠴᠠᠭ᠎ᠠ᠂ ᠠᠵᠢᠯᠲᠠᠨ ᠤ ᠶᠠᠪᠤᠳᠠᠯ ᠴᠢᠳᠠᠪᠤᠷᠢᠲᠠᠨ ᠵᠡᠷᠭᠡ ᠲᠠᠯ᠎ᠠ ᠪᠠᠷ ᠨᠢᠭᠲᠠ ᠤᠶᠠᠯᠳᠤᠭᠤᠯᠤᠨ᠂  ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ ᠰᠢᠨᠡᠴᠢᠯᠡᠵᠦ᠂  ᠦᠢᠯᠡᠴᠢᠯᠡᠭᠡᠨ ᠤ ᠠᠭᠤᠯᠭ᠎ᠠ ᠪᠠᠨ ᠪᠠᠶᠠᠯᠢᠭᠵᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号