ᠣᠯᠠᠨ ᠲᠠᠯ᠎ᠠ ᠶᠢᠨ ᠬᠢᠨ ᠬᠦᠴᠦ ᠪᠠᠨ ᠬᠠᠮᠲᠤᠳᠬᠠᠨ  ᠰᠤᠷᠤᠯᠴᠠᠯᠭ᠎ᠠ ᠶᠢᠨ ᠵᠠᠮ ᠢ ᠬᠠᠮᠠᠭᠠᠯᠠᠵᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠱᠤᠭᠤᠮ ᠢ ᠬᠠᠮᠲᠤ ᠪᠠᠷ ᠴᠣᠭᠴᠠᠯᠠᠶ᠎ᠠ—ᠠᠤᠬᠠᠨ ᠬᠤᠰᠢᠭᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/31
    ᠠᠮᠤᠷ ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠤᠭᠴᠢᠳ ᠤᠨ ᠰᠤᠷᠭᠠᠭᠤᠯᠢ ᠳᠤ  ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠠᠤᠬᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠤᠨ ᠲᠥᠯᠥᠭᠡᠯᠡᠭᠴᠢᠳ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠡᠭᠦᠳᠡᠯ ᠬᠤᠳᠠᠯᠳᠤᠭᠠᠴᠢᠨ ᠵᠢᠴᠢ ᠲᠡᠷᠭᠡ ᠵᠣᠭᠰᠣᠭᠠᠬᠤ ᠡᠮᠬᠢ ᠳᠢᠭᠯᠢᠮ ᠢ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠠᠴᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠪᠠᠭᠰᠢ ᠰᠣᠷᠣᠭᠴᠢ ᠬᠡᠷ ᠤᠨ ᠠᠬᠠᠮᠠᠳ ᠲᠤ ︽ᠠᠮᠤᠷ ᠲᠦᠪᠰᠢᠨ ᠢᠶᠠᠷ ᠰᠤᠷᠭᠠᠭᠤᠯᠢ ᠳᠤ ᠣᠷᠣᠬᠤ ᠵᠠᠮ︾ ᠢ ᠪᠣᠶ ᠪᠣᠯᠭᠠᠪᠠ᠃    ᠬᠤᠷᠠᠯ ᠠᠴᠠ ᠭᠤᠤᠯᠳᠠᠯᠭ᠎ᠠ ᠲᠠᠢ ᠪᠠᠲᠤᠯᠠᠬᠤ ᠴᠢᠬᠤᠯᠠᠲᠠᠶ ᠰᠤᠷᠭᠠᠭᠤᠯᠢ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠨᠡᠭᠦᠳᠡᠯ ᠳᠡᠯᠭᠡᠭᠡ ᠮᠠᠶᠢᠮᠠᠶ ᠶᠢ ᠴᠡᠭᠴᠡᠯᠡᠨ ᠵᠠᠰᠠᠬᠤ᠂ ᠲᠡᠷᠭᠡ ᠬᠥᠰᠬᠡ ᠶᠢ ᠵᠣᠭᠰᠣᠭᠠᠬᠤ ᠶᠢ ᠵᠢᠷᠤᠮᠵᠢᠭᠤᠯᠬᠤ᠂ ᠤᠬᠠᠭᠤᠯᠭ᠎ᠠ ᠶᠢᠨ ᠬᠠᠭᠤᠳᠠᠰᠤ ᠵᠢᠵᠢᠭ ᠵᠠᠷ ᠮᠡᠳᠡᠭᠡ ᠶᠢ ᠴᠡᠭᠴᠡᠯᠡᠨ ᠵᠠᠰᠠᠬᠤ᠂ ᠳᠡᠯᠭᠡᠭᠦᠷ ᠤᠨ ᠭᠠᠳᠠᠨᠠᠬᠢ ᠡᠵᠡᠩᠨᠡᠯᠲᠡ ᠶᠢ ᠴᠡᠭᠴᠡᠯᠡᠨ ᠵᠠᠰᠠᠬᠤ ᠵᠡᠷᠭᠡ ᠠᠵᠢᠯ ᠢᠶᠠᠷ ᠭᠤᠤᠯᠳᠠᠯᠭ᠎ᠠ ᠪᠣᠯᠭᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠬᠤᠲᠠ ᠶᠢᠨ ᠬᠠᠮᠢᠶᠠᠷᠤᠯᠲᠠ + ᠵᠠᠮ ᠬᠠᠷᠢᠯᠴᠠᠭᠠᠨ ᠤ ᠴᠠᠭᠳᠠᠭ᠎ᠠ + ᠰᠤᠷᠭᠠᠭᠤᠯᠢ︾ ᠶᠢᠨ ᠨᠡᠪᠲᠡᠷᠡᠯᠴᠡᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠤᠰᠬᠠᠶ ᠬᠥᠮᠦᠨ ᠳᠣᠭᠢᠷᠠᠭᠤᠯᠤᠨ ᠬᠠᠷᠢᠶ᠎ᠠ ᠣᠷᠣᠨ ᠤ ᠰᠤᠷᠭᠠᠭᠤᠯᠢ ᠯᠤᠭ᠎ᠠ ᠭᠤᠤᠯᠳᠠᠯᠭ᠎ᠠ ᠲᠠᠢ ᠰᠤᠷᠪᠤᠯᠵᠢᠯᠠᠬᠤ ᠪᠠ ᠵᠣᠯᠭᠠᠭᠤᠯᠬᠤ ᠦᠢᠯᠡᠴᠢᠯᠡᠭᠡ ᠬᠢᠯᠭᠡᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠢ ᠬᠠᠮᠢᠶᠠᠷᠤᠨ ᠡᠵᠡᠮᠳᠡᠬᠦ ᠭᠤᠤᠯᠳᠠᠯᠭ᠎ᠠ ᠵᠢᠴᠢ ᠪᠠᠭᠤᠷᠠᠶ ᠭᠤᠭᠴᠤᠭ᠎ᠠ ᠶᠢ ᠴᠠᠭ ᠲᠤᠬᠠᠶ ᠳᠤᠨᠢ ᠡᠵᠡᠮᠰᠢᠨ ᠣᠶᠢᠯᠠᠭᠠᠵᠤ᠂ ᠰᠤᠷᠭᠠᠭᠤᠯᠢ ᠶᠢᠨ ᠰᠠᠨᠠᠯ ᠰᠠᠨᠠᠭᠤᠯᠭ᠎ᠠ ᠶᠢ ᠨᠠᠷᠢᠨ ᠨᠢᠮᠪᠠᠶ ᠰᠣᠨᠣᠰᠴᠤ᠂ ᠠᠵᠢᠯ ᠤᠨ ᠠᠷᠭ᠎ᠠ ᠬᠡᠮᠵᠢᠶ᠎ᠡ ᠪᠠ ᠠᠷᠭ᠎ᠠ ᠪᠠᠷᠢᠯ ᠢ ᠴᠠᠭ ᠲᠤᠬᠠᠶ ᠳᠤᠨᠢ ᠳᠣᠭᠢᠷᠠᠭᠤᠯᠤᠨ᠂ ᠡᠯ᠎ᠡ ᠵᠦᠢᠯ ᠤᠨ ᠴᠡᠭᠴᠡᠯᠡᠨ ᠵᠠᠰᠠᠬᠤ ᠠᠵᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃    ᠬᠤᠷᠠᠯ ᠠᠴᠠ᠂ ᠭᠤᠣᠯᠳᠠᠯᠭ᠎ᠠ ᠶᠢ ᠲᠤᠪᠤᠶᠢᠯᠭᠠᠨ ᠵᠠᠩᠭᠢᠯᠠᠭ᠎ᠠ ᠶᠢ ᠠᠳᠬᠤᠵᠤ᠂ ᠲᠣᠭᠲᠠᠴᠠ ᠶᠢ ᠪᠠᠶᠢᠭᠤᠯᠤᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠳᠬᠤᠬᠤ ᠬᠡᠷᠡᠭᠲᠡᠢ᠃ ︽ᠰᠤᠷᠭᠠᠭᠤᠯᠢ︾  ᠶᠢᠨ ᠪᠠᠶᠢᠳᠠᠯ ᠢᠶᠠᠨ ᠦᠨᠳᠦᠰᠦᠯᠡᠨ ᠨᠠᠷᠢᠨ ᠨᠢᠮᠪᠠᠶ ᠪᠠᠶᠢᠷᠢᠯᠠᠭᠤᠯᠵᠤ᠂ ᠨᠡᠭᠦᠳᠡᠯ ᠳᠡᠯᠭᠡᠭᠡ ᠮᠠᠶᠢᠮᠠᠶ ᠂ ᠵᠢᠵᠢᠭ ᠵᠠᠷ ᠨᠠᠭᠠᠬᠤ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠂ ᠨᠡᠭᠦᠷᠡᠰᠦᠨ ᠬᠡᠢ ᠶᠢᠨ ᠰᠠᠪᠠ ᠶᠢ ᠳᠤᠷ᠎ᠠ ᠪᠠᠷ ᠢᠶᠠᠨ ᠬᠡᠷᠡᠭᠯᠡᠬᠦ ᠵᠡᠷᠭᠡ ᠬᠤᠲᠠ ᠶᠢᠨ  ᠦᠵᠡᠮᠵᠢ ᠶᠢᠨ ᠡᠮᠬᠢ ᠵᠠᠮᠪᠠᠷᠠᠭ᠎ᠠ ᠦᠭᠡᠢ ᠪᠣᠯᠭᠠᠬᠤ ᠶᠢ ᠴᠡᠭᠴᠡᠯᠡᠨ  ᠵᠠᠰᠠᠵᠤ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠳᠠᠯᠳᠤᠭᠠᠴᠢᠨ ᠢ ᠰᠢᠮᠳᠠᠭᠤᠯᠵᠤ ᠪᠠᠶᠢᠭᠠᠳ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠭᠤᠯᠬᠤ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢ ᠵᠢᠷᠤᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠠᠶᠢᠨ ᠰᠠᠶᠢᠬᠠᠨ ᠣᠷᠴᠢᠨ ᠲᠣᠭᠤᠷᠢᠨ ᠤ ᠡᠮᠬᠢ ᠳᠢᠭᠯᠢᠮ ᠢ ᠬᠠᠮᠲᠤ ᠪᠠᠷ ᠬᠠᠮᠠᠭᠠᠯᠠᠪᠠ︔ ︽ᠬᠥᠮᠦᠨ ᠢ ᠲᠣᠭᠲᠠᠭᠠᠬᠤ ᠂ ᠴᠢᠭ ᠲᠣᠭᠲᠠᠭᠠᠬᠤ᠂ ᠬᠤᠭᠤᠴᠠᠭ᠎ᠠ ᠳᠤᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ︾ ᠲᠦᠷᠢᠮ ᠢ ᠬᠡᠷᠡᠭᠵᠢᠭᠦᠯᠵᠦ᠂ ᠴᠠᠭ ᠢ ᠵᠥᠷᠢᠭᠦᠯᠦᠨ ᠵᠢᠵᠢᠭᠦᠷᠯᠡᠬᠦ᠂ ᠰᠤᠷᠭᠠᠨ ᠬᠥᠮᠦᠵᠢᠭᠦᠯᠵᠦ ᠢᠳᠬᠠᠨ ᠰᠤᠷᠭᠠᠬᠤ ᠪᠠ ᠬᠠᠤᠯᠢ ᠶᠣᠰᠣᠭᠠᠷ ᠰᠢᠳᠬᠡᠨ ᠲᠣᠷᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠠᠮᠤᠷ ᠢ ᠬᠠᠮᠠᠭᠠᠯᠠᠬᠤ ᠶᠡᠭᠡ ᠠᠩᠭᠢ ᠵᠢᠴᠢ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠯᠤᠭ᠎ᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠰᠤᠷᠤᠭᠴᠢᠳ ᠢ ᠢᠳᠡᠪᠬᠢᠲᠡᠶ ᠪᠠᠷ ᠵᠠᠯᠠᠵᠤ ᠵᠢᠯᠣᠭᠤᠳᠴᠤ ᠪᠠᠶᠢᠭᠠᠳ ᠲᠡᠷᠭᠡ ᠬᠥᠰᠬᠡ ᠶᠢ ᠡᠮᠬᠢ ᠵᠢᠷᠤᠮ ᠲᠠᠢ ᠪᠠᠷ ᠵᠣᠭᠰᠣᠭᠠᠬᠤ ᠪᠠ ᠵᠣᠭᠰᠣᠭᠠᠮᠠᠭᠴᠠ ᠶᠠᠪᠤᠭᠤᠯᠵᠤ᠂ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠢᠨ ︽ᠬᠤᠲᠠ ᠶᠢᠨ ᠬᠠᠮᠢᠶᠠᠷᠤᠯᠲᠠ + ᠵᠠᠮ ᠬᠠᠷᠢᠯᠴᠠᠭᠠᠨ ᠤ ᠴᠠᠭᠳᠠᠭ᠎ᠠ + ᠠᠮᠤᠷ ᠢ ᠬᠠᠮᠠᠭᠠᠯᠠᠬᠤ ᠶᠡᠭᠡ ᠠᠩᠭᠢ︾ ᠶᠢᠨ ᠬᠠᠮᠲᠤᠷᠠᠨ ᠠᠵᠢᠯᠯᠠᠬᠤ ᠪᠠ ︽ᠰᠤᠷᠤᠯᠴᠠᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠠᠶᠢᠩᠭᠤᠵᠢᠭᠤᠯᠤᠭᠰᠠᠨ ︽ᠰᠤᠷᠤᠯᠴᠠᠯᠭ᠎ᠠ ᠶᠢ ᠬᠠᠮᠠᠭᠠᠯᠠᠬᠤ︾ ᠲᠦᠷᠢᠮ ᠢ ᠪᠣᠶ ᠪᠣᠯᠭᠠᠵᠤ᠂ ᠬᠤᠲᠠ ᠶᠢᠨ ᠬᠠᠮᠢᠶᠠᠷᠤᠯᠲᠠ ᠶᠢᠨ ︽ᠰᠤᠷᠤᠯᠴᠠᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ ᠶᠢ ᠰᠡᠳᠬᠢᠯ ᠳᠡᠯᠪᠢᠨ ᠰᠠᠶᠢᠲᠤᠷ ᠵᠣᠭᠰᠣᠵᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠴᠡᠪᠡᠷ ᠴᠡᠮᠴᠡᠭᠡᠷ᠂ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠪᠠᠰᠠ ᠥᠷᠭᠡᠨ ᠣᠯᠠᠨ ᠬᠤᠲᠠ ᠶᠢᠨ ᠠᠷᠠᠳ ᠢ ᠬᠡᠦᠬᠡᠳ ᠢᠶᠠᠨ ᠲᠤᠰᠴᠤ ᠬᠦᠷᠭᠡᠬᠦ ᠦᠶ᠎ᠡ ᠳᠤ ᠵᠠᠮ ᠬᠠᠷᠢᠯᠴᠠᠭᠠᠨ ᠤ ᠳᠦᠷᠢᠮ ᠢ ᠵᠢᠷᠤᠮᠯᠠᠬᠤ ᠶᠢ ᠤᠷᠢᠶᠠᠯᠠᠵᠤ᠂ ᠦᠨᠡᠮᠯᠡᠯ ᠦᠭᠡᠢ ᠳᠡᠯᠭᠡᠭᠦᠷᠴᠢᠨ ᠤ ᠪᠠᠷᠠᠭ᠎ᠠ ᠶᠢ ᠬᠤᠳᠠᠯᠳᠤᠨ ᠠᠪᠬᠤ ᠶᠢ ᠳᠡᠪᠴᠢᠵᠦ︔ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠳᠠᠯᠳᠠ ᠭᠡᠮ ᠢ ᠣᠯᠵᠤ ᠮᠡᠳᠡᠪᠡᠯ᠂ ᠬᠤᠲᠠ ᠶᠢᠨ ᠬᠠᠮᠢᠶᠠᠷᠤᠯᠲᠠ ᠶᠢᠨ ᠬᠠᠯᠠᠮᠰᠢᠯ ᠤᠲᠠᠰᠤ ᠪᠤᠶᠤ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠯᠠᠮᠰᠢᠯ ᠤᠲᠠᠰᠤ ᠪᠠᠷ ᠲᠤᠰᠬᠠᠵᠤ ᠪᠣᠯᠤᠨ᠎ᠠ᠃ ᠪᠢᠳᠡ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶᠡᠨ ᠤ ᠣᠷᠴᠢᠨ  ᠲᠤᠭᠤᠷᠢᠨ ᠢ ᠭᠠᠷ ᠬᠤᠯᠪᠣᠨ ᠬᠠᠮᠲᠤ ᠪᠠᠷ ᠪᠠᠶᠢᠭᠤᠯᠵᠠᠭᠠᠶ᠎ᠠ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号