| 3 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 87 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ | ᠡᠷᠭᠢᠯᠡᠨ ᠬᠤᠷᠠᠯᠳᠤᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ | ᠥᠭᠦᠯᠡᠯᠲᠡ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ | ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ﹀ ᠢ ᠲᠤᠭᠤᠰᠢᠯᠠᠭᠤᠯᠬᠤ ᠬᠡᠷᠡᠭᠵᠢᠭᠦᠯᠬᠦ ᠠᠷᠭ᠎ᠠ︾ | ᠂ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾᠂ ︽ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠭᠳᠠᠬᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠬᠤ ᠲᠤᠬᠠᠢ ᠰᠠᠨᠠᠯ︾ ᠵᠡᠷᠭᠡ ᠨᠠᠮ ᠤᠨ | ᠳᠣᠲᠣᠭᠠᠳᠤ ᠶᠢᠨ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ | ᠰᠤᠷᠤᠯᠴᠠᠵᠤ᠂ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠨ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃ | ᠬᠤᠷᠠᠯ ᠠᠴᠠ ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠲᠣᠭᠤᠷᠢᠨ ᠪᠠᠶᠢᠴᠠᠭᠠᠯᠲᠠ ᠶᠢ | ᠭᠥᠯᠢᠶᠡᠨ ᠠᠪᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠢ | ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ ᠢᠳᠡᠪᠬᠢᠲᠡᠶ ᠬᠠᠮᠵᠢᠯᠴᠠᠨ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠡᠨᠡ ᠬᠦ | ᠴᠢᠬᠤᠯᠠ ᠤᠯᠤᠰ ᠲᠥᠷᠥ ᠶᠢᠨ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠲᠣᠭᠤᠷᠢᠨ ᠪᠠᠶᠢᠴᠠᠭᠠᠬᠤ ᠠᠵᠢᠯ ᠢ | ᠪᠥᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠯᠤᠭ᠎ᠠ ᠶᠢᠨ | ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠮᠠᠲ᠋ᠧᠷᠢᠶᠠᠯ ᠦᠵᠡᠬᠦ᠂ ᠲᠤᠰᠬᠠᠶ ᠶᠠᠷᠢᠯᠴᠠᠬᠤ᠂ ᠵᠠᠬᠢᠳᠠᠯ | ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ᠂ ᠳᠣᠷᠣᠭᠰᠢ ᠪᠠᠭᠤᠵᠤ ᠪᠠᠶᠢᠴᠠᠭᠠᠨ ᠰᠤᠳᠤᠯᠤᠯᠲᠠ ᠬᠢᠬᠦ᠂ | ᠲᠤᠰᠬᠠᠶ ᠪᠠᠶᠢᠴᠠᠭᠠᠯᠲᠠ ᠬᠢᠬᠦ ᠵᠡᠷᠭᠡ ᠪᠡᠯᠡᠳᠬᠡᠯ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ | ᠭᠠᠷᠭᠠᠭᠰᠠᠨ ᠠᠰᠠᠭᠤᠳᠠᠯ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠲᠤᠰᠬᠠᠭᠰᠠᠨ ᠠᠰᠠᠭᠤᠳᠠᠯ ᠤᠨ ᠲᠤᠬᠠᠶ | ᠂ ᠴᠠᠭ ᠲᠣᠬᠠᠢ ᠳᠤᠨᠢ ᠮᠡᠳᠡᠨ ᠰᠠᠶᠢᠵᠢᠷᠠᠭᠤᠯᠵᠤ᠂ ᠴᠠᠭ ᠲᠣᠬᠠᠢ ᠳᠤᠨᠢ ᠬᠡᠷᠡᠭᠵᠢᠭᠦᠯᠦᠨ ᠥᠭᠡᠷᠡᠴᠢᠯᠡᠬᠦ ᠶᠢ | ᠪᠡᠶᠡᠯᠡᠭᠦᠯᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠵᠤ᠂ ᠲᠣᠭᠤᠷᠢᠨ ᠪᠠᠶᠢᠴᠠᠭᠠᠬᠤ ᠪᠠᠷ ᠥᠭᠡᠷᠡᠴᠢᠯᠡᠯᠲᠡ ᠶᠢ ᠠᠬᠢᠭᠤᠯᠬᠤ᠂ ᠲᠣᠭᠤᠷᠢᠨ | ᠪᠠᠶᠢᠴᠠᠭᠠᠬᠤ ᠪᠠᠷ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠯᠲᠠ ᠶᠢ | ᠠᠬᠢᠭᠤᠯᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠥᠬᠦ ᠬᠤᠰᠢᠭᠤ ᠪᠠᠷ ᠢᠶᠠᠨ ᠶᠣᠰᠣ ᠲᠦᠷᠢᠮ ᠤᠨ ᠤᠬᠠᠮᠰᠠᠷ ᠢᠶᠠᠨ ᠲᠡᠷᠢᠭᠦᠨ ᠳᠤ ᠲᠠᠯᠪᠢᠵᠤ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ | ᠲᠤᠭᠤᠰᠢᠯᠠᠭᠤᠯᠵᠤ᠂ ᠠᠵᠢᠯ ᠤᠨ ᠰᠠᠬᠢᠯᠭ᠎ᠠ ᠪᠠᠲᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ᠂ ᠠᠷᠢᠭᠤᠨ | ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ᠂ ᠵᠢᠭᠠᠪᠤᠷᠢ ᠠᠪᠴᠤ | ᠮᠡᠳᠡᠭᠦᠯᠬᠦ ᠵᠡᠷᠭᠡ ᠲᠦᠷᠢᠮ ᠲᠣᠭᠲᠠᠭᠠᠯ ᠢ ᠨᠠᠷᠢᠨ ᠬᠢᠨᠠᠮᠠᠭᠠᠶ ᠬᠡᠷᠡᠭᠵᠢᠭᠦᠯᠵᠦ᠂ ᠰᠠᠬᠢᠯᠭ᠎ᠠ ᠪᠠᠲᠤ ᠶᠢᠨ ᠬᠤᠷᠢᠭ᠎ᠠ | ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃ ︵ᠰᠤᠷᠪᠤᠯᠵᠢᠯᠠᠭᠴᠢ᠄ ᠸᠠᠩ ᠾᠧ ᠨᠠᠨ︶ |