| 2025 ᠣᠨ ᠤ 2 ᠰᠠᠷ᠎ᠠ ᠶᠢᠨ 10 ᠤ ᠡᠳᠦᠷ ᠠᠤᠬᠠᠨ ᠬᠤᠰᠢᠭᠤᠨ ᠳᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠡᠭᠡᠷ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ | ᠲᠥᠯᠥᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ | ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠤᠰᠢᠭᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠱᠤᠭᠤᠮ ᠤᠨ ᠲᠣᠭᠤᠷᠢᠨ ᠳᠤ᠂ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠶᠠᠷ ᠶᠡᠭᠡ ᠶᠠᠪᠤᠳᠠᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠯᠠᠪᠳᠠᠭᠤᠨ ᠪᠠᠲᠤᠲᠠᠶ ᠠᠬᠢᠭᠤᠯᠵᠤ᠂ | ᠴᠢᠨᠠᠷ ᠰᠠᠶᠢᠲᠠᠶ ᠬᠥᠭᠵᠢᠯᠲᠡ ᠶᠢᠨ ᠠᠯᠬᠤᠭ᠎ᠠ ᠲᠣᠭᠲᠠᠭᠤᠨ ᠪᠠᠶᠢᠵᠤ᠂ ᠡᠯ᠎ᠡ ᠬᠦᠷᠢᠶᠡᠨ ᠤ ᠠᠵᠢᠯ ᠯᠠᠪᠳᠠᠭᠤᠨ | ᠪᠠᠲᠤᠲᠠᠶ ᠤᠷᠤᠭᠰᠢᠯᠠᠪᠠ᠃ | ᠨᠢᠭᠡ ᠵᠢᠯ ᠤᠨ ᠲᠤᠷᠰᠢ᠂ ᠪᠢᠳᠡ ᠢᠲᠡᠭᠡᠯ ᠵᠣᠷᠢᠭ ᠢᠶᠠᠨ ᠢᠮᠠᠭᠲᠠ ᠪᠠᠲᠤᠳᠬᠠᠵᠤ᠂ ᠦᠨᠳᠦᠰᠦ ᠰᠠᠭᠤᠷᠢ ᠪᠠᠨ | ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠬᠦᠴᠦᠨ ᠴᠢᠳᠠᠯ ᠢᠶᠠᠨ ᠬᠤᠷᠠᠮᠳᠤᠭᠤᠯᠵᠤ᠂ ᠠᠵᠤ ᠠᠬᠤᠢ ᠶᠢᠨ | ᠬᠥᠭᠵᠢᠯᠲᠡ ᠳᠠᠷᠤᠯᠲᠠ ᠶᠢ ᠲᠤᠯᠵᠤ ᠤᠷᠤᠭᠰᠢᠯᠠᠯᠲᠠ ᠶᠢᠨ ᠳᠤᠮᠳᠠ ᠦᠷᠭᠦᠯᠵᠢᠯᠡᠨ ᠰᠠᠶᠢᠵᠢᠷᠠᠪᠠ᠃ ᠪᠥᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 191.6 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ 53.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10. | 2% ᠢᠶᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 42.7 | ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 5.92 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 39732 ᠲᠥᠭᠦᠷᠢᠭ | ᠂ 18646 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠ 5.9% ᠪᠠᠷ ᠨᠡᠮᠡᠭᠳᠡᠪᠡ | ᠃ ᠮᠢᠩᠭᠠᠨ ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 126 ᠲᠦᠷᠦᠯ ᠵᠦᠢᠯ ᠢ ᠬᠡᠷᠡᠭᠵᠢᠭᠦᠯᠵᠦ᠂ | ᠵᠠᠭᠤᠨ ᠳ᠋ᠦᠩᠰᠢᠭᠤᠷ ᠲᠦᠭᠦᠷᠢᠭ ᠠᠴᠠ ᠳᠠᠪᠠᠭᠰᠠᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠰᠢᠨ᠎ᠡ ᠪᠠᠷ ᠦᠷᠭᠦᠯᠵᠢᠯᠡᠨ ᠪᠠᠶᠢᠭᠤᠯᠬᠤ ᠲᠥᠷᠥᠯ ᠵᠦᠢᠯ 77 ᠪᠠᠶᠢᠵᠤ᠂ 46.24 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 19. | 42% ᠢᠶᠠᠷ ᠨᠡᠮᠡᠭᠳᠡᠪᠡ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 3425 ᠡᠷᠦᠬᠡ | ᠰᠢᠨ᠎ᠡ ᠪᠠᠷ ᠨᠡᠮᠡᠭᠳᠡᠵᠦ᠂ ᠳᠠᠩᠰᠠᠯᠠᠭᠤᠯᠤᠭᠰᠠᠨ ᠬᠥᠷᠥᠩᠭᠡ 14 ᠳ᠋ᠦᠩᠰᠢᠭᠤᠷ ᠲᠥᠭᠦᠷᠢᠭ ᠲᠤ ᠬᠦᠷᠪᠡ᠃ ᠯᠦᠩ | ᠰᠢᠩ ᠤᠯᠤᠰ ᠤᠨ ᠡᠳ᠋ ᠬᠥᠷᠥᠩᠭᠡ ᠶᠢᠨ ᠪᠦᠯᠦᠭᠯᠡᠯ ᠤᠨ ᠡᠵᠡᠩᠨᠡᠯᠲᠡ ᠶᠢᠨ ᠣᠷᠤᠯᠭ᠎ᠠ᠂ ᠴᠡᠪᠡᠷ ᠠᠰᠢᠭ ᠬᠤᠨᠵᠢᠪᠤᠷᠢ | ᠲᠤᠰ ᠲᠤᠰ 115.4% ᠪᠠ 128.9% ᠪᠠᠷ ᠨᠡᠮᠡᠭᠳᠡᠪᠡ᠃ 1700 ᠲᠦᠮᠡᠨ ᠲᠥᠭᠦᠷᠢᠭ ᠤᠨ ᠭᠠᠳᠠᠭᠠᠳᠤ ᠶᠢᠨ | ᠬᠥᠷᠥᠩᠭᠡ ᠶᠢ ᠠᠮᠵᠢᠯᠲᠠ ᠲᠠᠢ ᠪᠠᠷ ᠲᠠᠲᠠᠨ ᠣᠷᠣᠭᠤᠯᠵᠤ᠂ ᠭᠠᠳᠠᠭᠠᠳᠤ ᠪᠡᠯᠡ ᠶᠢᠨ ︽ᠲᠡᠭ︾ ᠰᠢᠪᠲᠤᠯᠤᠯᠲᠠ ᠶᠢ | ᠪᠡᠶᠡᠯᠡᠭᠦᠯᠪᠡ᠃ ᠪᠦᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠦᠬᠦ ᠲᠤᠭ᠎ᠠ | 2200 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 96% ᠪᠠᠷ ᠨᠡᠮᠡᠭᠳᠡᠪᠡ᠃ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ | ᠢᠲᠡᠭᠡᠮᠵᠢᠲᠦ ᠵᠢᠭᠡᠯᠡᠯᠭᠡ ᠶᠢ 16.07 ᠳ᠋ᠦᠩᠰᠢᠭᠤᠷ ᠲᠥᠭᠦᠷᠢᠭ ᠲᠠᠷᠬᠠᠭᠠᠪᠠ᠃ | ᠨᠢᠭᠡ ᠵᠢᠯ ᠤᠨ ᠲᠤᠷᠰᠢ᠂ ᠪᠢᠳᠡ ᠬᠥᠭᠵᠢᠯᠲᠡ ᠶᠢᠨ ᠦᠨᠳᠦᠰᠦ ᠶᠢ ᠢᠮᠠᠭᠲᠠ ᠮᠠᠷᠲᠠᠬᠤ ᠦᠭᠡᠢ ᠪᠠᠶᠢᠵᠤ᠂ | ᠪᠦᠬᠦ ᠬᠦᠴᠦᠨ ᠢᠶᠠᠷ ᠢᠶᠠᠨ ᠬᠡᠯᠬᠢᠶ᠎ᠡ ᠶᠢ ᠤᠷᠲᠤᠳᠬᠠᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ | ᠠᠵᠤ ᠦᠢᠯᠡᠰ ᠤᠨ ᠰᠢᠰᠲ᠋ᠧᠮ ᠳᠠᠪᠲᠠᠨ ᠰᠠᠶᠢᠵᠢᠷᠠᠵᠤ ᠳᠤᠲᠠᠭᠤᠳᠠᠯ ᠢᠶᠠᠨ ᠨᠦᠬᠦᠪᠦᠷᠢᠯᠡᠬᠦ ᠳᠤᠮᠳᠠ ᠡᠳᠦᠷ ᠢᠷᠡᠬᠦᠶ᠎ᠡ | ᠲᠡᠭᠦᠯᠳᠡᠷᠵᠢᠪᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ | ᠵᠡᠷᠭᠡ ᠪᠠᠷ ᠳᠡᠭᠡᠭᠰᠢᠯᠡᠪᠡ᠃ ᠠᠮᠤ ᠪᠤᠳᠠᠭᠠᠨ ᠤ ᠶᠡᠷᠦᠩᠬᠡᠶ ᠤᠨᠠᠯᠲᠠ 22.1 ᠳ᠋ᠦᠩᠰᠢᠭᠤᠷ ᠵᠢᠩ ᠪᠠᠶᠢᠵᠤ᠂ ︽ | ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃ ᠵᠢᠯ ᠤᠨ ᠡᠴᠦᠰ ᠲᠤ | ᠭᠡᠷ ᠤᠨ ᠲᠡᠵᠢᠭᠡᠪᠦᠷᠢ ᠶᠢᠨ ᠲᠤᠭ᠎ᠠ 321.9 ᠲᠦᠮᠡ ᠬᠦᠷᠴᠦ᠂ 348.4 ᠲᠦᠮᠡ ᠪᠣᠷᠣᠯᠠᠭᠤᠯᠵᠤ᠂ ᠵᠢᠭᠦᠷᠲᠡᠨ ᠤ | ᠲᠥᠷᠥᠯ ᠤᠨ ᠠᠷᠠᠴᠢᠯᠠᠨ ᠲᠡᠵᠢᠭᠡᠬᠦ ᠬᠡᠮᠵᠢᠶ᠎ᠡ 4000 ᠲᠦᠮᠡ ᠬᠦᠷᠪᠡ᠃ ᠪᠣᠬᠢᠷᠲᠤᠯ ᠥᠬᠡᠶ᠂ ᠣᠷᠭᠠᠨᠢᠭ | ᠨᠠᠷᠢᠮᠤ ᠶᠢᠨ ᠰᠠᠭᠤᠷᠢᠨ ᠭᠠᠵᠠᠷ ᠢ 27 ᠲᠦᠮᠡᠨ ᠮᠥ ᠬᠥᠭᠵᠢᠭᠦᠯᠵᠦ᠂ ᠵᠠᠬᠢᠶᠠᠯᠠᠭ᠎ᠠ ᠲᠠᠢ ᠪᠠᠷ ᠴᠢᠨᠠᠷ ᠰᠠᠶᠢᠲᠠᠶ ᠨᠠᠷᠢᠮᠤ | 8 ᠲᠦᠮᠡᠨ ᠮᠥ ᠳᠠᠷᠢᠵᠤ᠂ ︽ᠨᠠᠷᠢᠮᠤ ᠶᠢᠨ ᠳᠥᠭᠦᠮ ᠳᠦᠳᠡ ᠪᠠᠷ ᠳᠠᠷᠢᠵᠤ ᠪᠤᠶᠢᠵᠢᠭᠤᠯᠬᠤ ᠶᠡᠷᠦᠩᠬᠡᠶᠢᠯᠡᠭᠰᠡᠨ | ᠢᠵᠢ ᠪᠥᠷᠢᠳᠦᠭᠦᠯᠬᠦ ᠮᠡᠷᠭᠡᠵᠢᠯ︾ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠲᠠᠷᠢᠮᠠᠯ ᠤᠨ ᠭᠤᠤᠯ | ᠳᠡᠯᠭᠡᠷᠡᠭᠦᠯᠬᠦ ᠮᠡᠷᠭᠡᠵᠢᠯ ᠳᠤ ᠣᠷᠣᠭᠤᠯᠪᠠ᠃ ︽ᠨᠠᠷᠢᠮᠤ ᠶᠢᠨ ᠶᠡᠭᠡ ᠬᠤᠷᠠᠯ︾ ᠪᠡᠭᠡᠵᠢᠩ ᠳᠤ ᠲᠤᠳᠤᠷᠠᠵᠤ᠂ ︽ | ᠠᠤᠬᠠᠨ ᠨᠠᠷᠢᠮᠤ︾ ᠨᠢ ︽2024 ᠮᠢᠨᠦ ᠬᠠᠮᠤᠭ ᠤᠨ ᠳᠤᠷᠠᠲᠠᠢ ᠳᠤᠮᠳᠠᠳᠤ ᠤᠯᠤᠰ ᠤᠨ ᠨᠡᠷᠡᠲᠦ ᠲᠡᠮᠲᠡᠭᠲᠦ ᠶᠢ | ᠮᠠᠭᠲᠠᠨ ᠰᠠᠶᠢᠰᠢᠶᠠᠬᠤ︾ ᠵᠢᠭᠰᠠᠭᠠᠯᠲᠠ ᠳᠤ ᠣᠷᠤᠪᠠ ᠃ 28.6 ᠲᠦᠮᠡᠨ ᠠᠯᠠᠰᠢᠨ ᠦᠬᠡᠷ ᠤᠨ ᠲᠤᠭ᠎ᠠ ᠲᠣᠯᠣᠭᠠᠢ | ᠂ 500 ᠲᠣᠯᠤᠭᠠᠢ ᠠᠴᠠ ᠳᠡᠭᠡᠭᠰᠢᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ 31 ᠪᠣᠯᠪᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 12.2 ᠲᠦᠮᠡᠨ ᠮᠦ ᠪᠠᠶᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠤᠨ | ᠶᠡᠷᠦᠩᠬᠡᠢ ᠲᠠᠯᠠᠪᠠᠢ ᠨᠡᠮᠡᠭᠳᠡᠭᠡᠳ 6.53 ᠲᠦᠮᠡᠨ ᠮᠦ ᠪᠣᠯᠪᠠ᠃ ︽3 + N︾ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠰᠢᠰᠲ᠋ᠧᠮᠵᠢ ᠶᠢᠨ ᠲᠣᠭᠤᠷᠢᠨ ᠳᠤ᠂ ᠰᠢᠨ ᠾᠦᠢ ᠪᠠᠯᠭᠠᠰᠤᠨ ᠤ ᠣᠲᠣ | ᠦᠶ᠎ᠡ ᠶᠢᠨ ᠠᠮᠢ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠵᠡᠷᠭᠡ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ 54 ᠬᠡᠷᠡᠭᠵᠢᠭᠦᠯᠪᠡ᠃ ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠲᠡᠰ ᠤᠨ ᠡᠷᠳᠡᠨᠢ ᠰᠢᠰᠢ ᠪᠠᠷ ᠦᠷ᠎ᠡ ᠪᠤᠶᠢᠵᠢᠭᠤᠯᠬᠤ ᠲᠣᠮᠣ ᠰᠢᠶᠠᠨ ᠢ ᠡᠭᠦᠳᠦᠨ ᠪᠠᠶᠢᠭᠤᠯᠵᠤ ᠠᠮᠵᠢᠯᠲᠠ ᠣᠯᠪᠠ᠃ | ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 130.75 ᠲᠦᠮᠡᠨ ᠺᠢᠯᠣᠸᠠᠲ ᠲᠤ ᠬᠦᠷᠴᠦ᠂ | ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠪᠡ᠃ ᠠᠵᠤ ᠦᠢᠯᠡᠳᠪᠦᠷᠢ ᠶᠢᠨ ᠠᠵᠤ | ᠠᠬᠤᠶ ᠵᠤᠵᠠᠭᠠᠷᠠᠬᠤ ᠬᠠᠨᠳᠤᠰᠢ ᠲᠠᠢ ᠪᠠᠶᠢᠪᠠ᠃ ᠵᠢᠢ ᠯᠦᠩ ᠠᠭᠤᠷᠬᠠᠢ ᠶᠢᠨ ᠦᠢᠯᠡᠰ ᠤᠨ ᠬᠦᠳᠡᠷ ᠰᠢᠯᠢᠵᠦ | ᠦᠷᠭᠡᠳᠭᠡᠨ ᠪᠠᠶᠢᠭᠤᠯᠬᠤ ᠵᠡᠷᠭᠡ 7 ᠲᠦᠷᠦᠯ ᠵᠦᠢᠯ ᠪᠠᠷᠢᠯᠭ᠎ᠠ ᠲᠠᠭᠤᠰᠴᠦ ᠠᠰᠢᠬᠯᠠᠯᠲᠠ ᠳᠤ ᠤᠷᠤᠵᠦ᠂ ᠳ᠋ᠠ | ᠲᠠᠩ ᠤᠨ ᠰᠢᠨ᠎ᠡ ᠬᠡᠯᠪᠡᠷᠢ ᠶᠢᠨ ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ 5 ᠰᠢᠨ᠎ᠡ ᠡᠨᠧᠷᠬᠢ ᠶᠢᠨ | ᠲᠦᠷᠦᠯ ᠵᠦᠢᠯ ᠵᠦᠪᠰᠢᠶᠡᠷᠡᠨ ᠬᠡᠷᠡᠭᠵᠢᠭᠦᠯᠦᠭᠳᠡᠵᠦ᠂ ᠰᠠᠯᠪᠤᠷᠢ ᠶᠢᠨ ᠪᠠᠢ ᠲᠤ ᠶᠢᠩᠽᠢ ᠸᠣᠯᠹᠷᠠᠮ ᠤᠯᠠᠨ | ᠲᠡᠮᠦᠷᠯᠢᠭ ᠤᠨ ᠠᠭᠤᠷᠬᠠᠢ ᠵᠡᠷᠭᠡ 3 ᠲᠦᠷᠦᠯ ᠵᠦᠢᠯ ᠬᠠᠶᠢᠨ ᠰᠢᠨᠵᠢᠯᠡᠵᠦ ᠰᠢᠯᠵᠢᠬᠦᠯᠦᠨ ᠮᠠᠯᠳᠠᠬᠤ ᠶᠢ ᠪᠡᠶᠡᠯᠡᠭᠦᠯᠪᠡ | ᠃ ᠬᠡᠪᠴᠢᠶᠡᠵᠢᠯ ᠠᠴᠠ ᠳᠡᠭᠡᠭᠰᠢᠬᠢ 30 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ | ᠶᠡᠷᠦᠩᠬᠡᠶ ᠥᠷᠲᠡᠭ ᠨᠢ 71.38 ᠳ᠋ᠦᠩᠰᠢᠭᠤᠷ ᠲᠥᠭᠦᠷᠢᠭ ᠲᠤ ᠬᠦᠷᠴᠡᠶ᠃ ᠬᠦᠷᠢᠶᠡᠯᠡᠩ ᠲᠣᠭᠤᠷᠢᠭ ᠤᠨ | ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠪᠠᠷᠢᠮᠵᠢᠶᠠᠵᠢᠭᠰᠠᠨ | ᠦᠢᠯᠡᠳᠪᠦᠷᠢ ᠶᠢᠨ ᠭᠡᠷ ᠪᠠᠶᠢᠰᠢᠩ ᠢ 5.3 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠵᠤ᠂ 230 | ᠮᠦ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠠᠮᠢᠯᠠᠭᠤᠯᠵᠤ᠂ ᠵᠦᠩ ᠣᠣ ᠦᠬᠡᠷ ᠬᠤᠨᠢᠨ ᠮᠢᠬ᠎ᠠ ᠶᠢ | ᠨᠠᠷᠢᠯᠢᠭ ᠡᠳ᠋ᠰᠢᠭᠦᠯᠬᠦ ᠵᠡᠷᠭᠡ 18 ᠭᠤᠣᠯᠳᠠᠯᠭ᠎ᠠ ᠲᠠᠢ ᠲᠦᠷᠦᠯ ᠵᠦᠢᠯ ᠤᠨ ︽ᠡᠷᠴᠢ ᠵᠣᠷᠢᠭ ᠲᠡᠭᠦᠯᠳᠡᠷ ︾ | ᠪᠠᠶᠢᠪᠠ᠃ ᠱᠠ ᠮᠥᠸᠧ ᡁᠢ ᠬᠤᠸᠠ ᠤᠯᠤᠰ ᠤᠨ ᠲᠠᠰ ᠤᠨ ᠪᠣᠬᠢᠷᠲᠤᠯ ᠥᠬᠡᠶ ᠦᠢᠯᠡᠳᠪᠦᠷᠢ ᠪᠠᠷ ᠠᠮᠵᠢᠯᠲᠠ ᠲᠠᠢ | ᠰᠣᠩᠭᠤᠭᠳᠠᠵᠤ᠂ ᠤᠯᠠᠭᠠᠨᠬᠠᠳᠠ ᠶᠢᠨ ᠠᠤᠬᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ︽ | ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ | ᠰᠦᠷᠦᠭᠵᠢᠯ︾ ᠢᠶᠠᠷ ᠦᠨᠡᠯᠡᠭᠳᠡᠪᠡ᠃ ᠭᠤᠷᠪᠠᠳᠤᠭᠠᠷ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ | ᠪᠦᠲᠦᠮᠵᠢ ᠣᠯᠪᠠ᠃ ᠨᠢᠭᠡ ᠮᠦᠴᠡᠳᠤ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠢ ④ | ᠲᠤᠷᠰᠢᠨ ᠠᠵᠢᠯᠯᠠᠭᠤᠯᠪᠠ ᠂ ᠰᠢᠨ ᠵᠥᠩ ᠵᠡᠭᠡᠯᠢ ᠶᠢᠨ ᠬᠤᠳᠠᠯᠳᠤᠭᠠᠨ ᠤ ᠲᠣᠭᠤᠷᠢᠭ ᠤᠨ ᠳᠡᠰ ᠳᠡᠪᠰᠢᠵᠤ᠂ | ᠭᠠᠵᠠᠷ ᠳᠣᠤᠷᠠᠬᠢ ᠬᠤᠳᠠᠯᠳᠤᠭᠠᠨ ᠤ ᠵᠡᠭᠡᠯᠢ᠂ ᠭᠥᠸᠧ ᠪᠢᠨ ᠭᠤᠸᠠᠨ ᠵᠣᠴᠢᠳ ᠤᠨ ᠪᠠᠭᠤᠳᠠᠯ ᠤᠨ ᠬᠤᠶᠠᠳᠤᠭᠠᠷ | ᠬᠤᠭᠤᠴᠠᠭ᠎ᠠ ᠵᠡᠷᠭᠡ ᠲᠥᠷᠥᠯ ᠵᠦᠢᠯ ᠤᠨ ᠭᠤᠤᠯ ᠴᠣᠭᠴᠠ ᠶᠢ ᠪᠠᠶᠢᠭᠤᠯᠤᠨ ᠳᠠᠭᠤᠰᠬᠠᠵᠤ᠂ ᠺᠧᠨ ᠳ᠋ᠧ ᠵᠢᠶ᠂ ᠷᠦᠢ | ᠰᠢᠩ ᠺᠤᠹᠧ ᠵᠡᠷᠭᠡ ᠨᠠᠷᠠᠲᠤ ᠲᠥᠷᠥᠯ ᠲᠡᠮᠳᠡᠭᠲᠦ ᠶᠢ ᠠᠤᠬᠠᠨ ᠳᠤ ᠣᠷᠣᠭᠤᠯᠪᠠ᠃ ᠬᠡᠷᠡᠭᠯᠡᠭᠡ ᠶᠢ ᠠᠬᠢᠭᠤᠯᠬᠤ ᠡᠯ᠎ᠡ | ᠲᠥᠷᠥᠯ ᠤᠨ ᠠᠵᠢᠯᠯᠠᠭ᠎ᠠ ᠶᠢ 160 ᠲᠠᠯᠠᠪᠤᠷ ᠤᠳᠠᠭ᠎ᠠ ᠡᠷᠭᠢᠯᠡᠵᠦ᠂ ᠬᠡᠷᠡᠭᠯᠡᠭᠡ ᠶᠢ 15 ᠳ᠋ᠦᠩᠰᠢᠭᠤᠷ ᠲᠥᠭᠦᠷᠢᠭ | ᠳᠠᠶᠢᠴᠢᠯᠠᠪᠠ᠃ ᠳ᠋ᠢᠩ ᠰᠢᠶᠠᠩ ᠬᠤᠸᠠ ᠰᠣᠶᠣᠯ ᠵᠢᠭᠤᠯᠴᠢᠯᠠᠯ ᠤᠨ ᠨᠠᠶᠢᠷ᠂ ᠨᠠᠭᠤᠷ ᠤᠨ ᠬᠤᠸᠠ ᠶᠢᠨ ᠰᠠᠭᠠᠭ ᠤᠨ | ᠪᠠᠶᠠᠷ᠂ ᠰᠢᠩ ᠯᠦᠩ ᠭᠸᠤ ᠶᠢᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠡᠷᠭᠡ ᠰᠣᠶᠣᠯ | ᠵᠢᠭᠤᠯᠴᠢᠯᠠᠯ ᠤᠨ ᠠᠵᠢᠯᠯᠠᠭ᠎ᠠ ᠤᠯᠠᠨ ᠤᠳᠠᠭ᠎ᠠ ᠶᠠᠪᠤᠭᠳᠠᠵᠤ᠂ ᠪᠦᠬᠦ ᠵᠢᠯ ᠳᠤ 90 ᠲᠦᠮᠡᠨ ᠬᠥᠮᠦᠨ ᠤᠳᠠᠭ᠎ᠠ | ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠠᠩᠬ᠎ᠠ ᠤᠳᠠᠭ᠎ᠠ 9 | ᠳ᠋ᠦᠩᠰᠢᠭᠤᠷ ᠲᠥᠭᠦᠷᠢᠭ ᠢ ᠳᠠᠪᠠᠵᠠᠢ᠃ | ᠨᠢᠭᠡ ᠵᠢᠯ ᠤᠨ ᠲᠤᠷᠰᠢ᠂ ᠪᠢᠳᠡ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ | ᠲᠣᠬᠢᠷᠠᠮᠵᠢᠲᠠᠢ ᠪᠠᠶᠢᠬᠤ ᠶᠢ ᠢᠮᠠᠭᠲᠠ ᠪᠠᠷᠢᠮᠲᠠᠯᠠᠵᠤ᠂ ᠴᠢᠳᠠᠪᠬᠢ ᠪᠠᠨ ᠪᠦᠬᠦ ᠬᠦᠴᠦᠨ ᠢᠶᠠᠷ ᠢᠶᠠᠨ ᠲᠡᠭᠦᠯᠳᠡᠷᠵᠢᠭᠦᠯᠵᠦ | ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠠᠭᠤᠰᠤᠯᠴᠠᠨ ᠬᠥᠭᠵᠢᠬᠦ | ᠳᠤᠮᠳᠠ ᠨᠡᠩ ᠡᠶ᠎ᠡ ᠵᠣᠬᠢᠴᠠᠩᠭᠤᠢ ᠪᠣᠯᠪᠠ᠃ ᠬᠤᠲᠠ ᠶᠢᠨ ᠰᠢᠨᠡᠴᠢᠯᠡᠯᠲᠡ ᠢᠯᠡᠳᠲᠡ ᠦᠷ᠎ᠡ ᠪᠦᠲᠦᠮᠵᠢ ᠤᠯᠪᠠ᠃ | ᠰᠢᠨ ᠰᠢᠩ ᠵᠡᠭᠡᠯᠢ ᠵᠡᠷᠭᠡ 6 ᠵᠤᠷᠪᠤᠰ ᠬᠤᠲᠠ ᠶᠢᠨ ᠶᠠᠪᠤᠳᠠᠯ ᠤᠨ ᠵᠠᠮ ᠤᠨ ᠬᠠᠭᠤᠴᠢᠨ ᠳᠦᠷᠰᠦ ᠪᠠᠶᠢᠳᠠᠯ ᠢ ᠰᠢᠨ᠎ᠡ | ᠳᠦᠷᠰᠦ ᠪᠠᠶᠢᠳᠠᠯ ᠢᠶᠠᠷ ᠰᠣᠯᠢᠵᠤ᠂ 1.55 ᠲᠦᠮᠡᠨ ᠲᠡᠭᠰᠢ ᠳᠥᠷᠪᠡᠯᠵᠢᠨ ᠮᠧᠲᠷ ᠬᠤᠲᠠ ᠶᠢᠨ ᠲᠣᠭᠤᠷᠢᠭ ᠤᠨ | ᠵᠠᠮ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠳᠡᠰ ᠳᠡᠪᠰᠢᠭᠦᠯᠪᠡ᠃ 29 ᠬᠠᠭᠤᠴᠢᠨ ᠲᠣᠭᠤᠷᠢᠭ᠂ 50.91 | ᠺᠢᠯᠦᠮᠧᠲᠷ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠶᠢ ᠪᠡᠶᠡᠯᠡᠭᠦᠯᠪᠡ᠃ | ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠲᠠᠯᠠᠪᠠᠢ 11.8 ᠲᠦᠮᠡᠨ ᠲᠡᠭᠰᠢ | ᠳᠥᠷᠪᠡᠯᠵᠢᠨ ᠮᠧᠲᠷ᠂ ᠬᠠᠨ ᠯᠢᠨ ᠰᠢᠤᠸᠠᠢ ᠹᠦ᠋ ᠵᠡᠷᠭᠡ 4 ᠣᠷᠣᠨ ᠰᠠᠭᠤᠴᠠ ᠶᠢᠨ ᠲᠥᠷᠥᠯ ᠵᠦᠢᠯ ᠢ ᠪᠠᠷᠢᠯᠭ᠎ᠠ | ᠳᠠᠭᠤᠰᠬᠠᠨ ᠳᠤᠰᠢᠶᠠᠪᠠ᠃ ︽ᠤᠯᠤᠰ ᠤᠨ ᠰᠢᠶᠠᠨ ᠤ ᠬᠡᠪᠴᠢᠶᠡᠨ ᠤ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ | ᠳᠤᠲᠠᠭᠳᠠᠯ ᠢ ᠨᠥᠬᠦᠪᠥᠷᠢᠯᠡᠬᠦ ᠲᠤᠷᠰᠢᠯᠲᠠ ᠶᠢᠨ ᠴᠡᠭ ᠤᠨ ᠰᠢᠶᠠᠨ︾ ᠢᠶᠠᠷ ᠵᠦᠪᠰᠢᠶᠡᠷᠡᠭᠳᠡᠵᠦ ᠂ 15 ᠰᠢᠨ᠎ᠡ | ᠡᠨᠧᠷᠭᠢ ᠶᠢᠨ ᠴᠠᠬᠢᠯᠭᠠᠨ ᠴᠡᠨᠡᠭᠯᠡᠬᠦ ᠥᠷᠲᠡᠭᠡ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ︽ᠱᠤ᠋ ᠠᠨ︾ | ᠵᠠᠬᠢᠶᠠᠯᠠᠨ ᠦᠢᠯᠡᠳᠬᠦ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠰᠦᠯᠵᠢᠶᠡᠨ ᠳᠡᠭᠡᠷ᠎ᠡ ᠡᠵᠡᠩᠨᠡᠵᠦ ᠂ ᠣᠯᠠᠨ | ᠲᠦᠮᠡᠨ ᠤ ᠶᠠᠪᠤᠵᠤ ᠰᠠᠭᠤᠬᠤ ᠠᠷᠭ᠎ᠠ ᠬᠡᠯᠪᠡᠷᠢ ᠨᠡᠩ ᠣᠯᠠᠨ ᠶᠠᠩᠵᠤ ᠶᠢᠨ ᠪᠣᠯᠪᠠ᠃ ᠬᠥᠳᠡᠭᠡ ᠲᠣᠰᠬᠤᠨ ᠤ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠬᠥᠮᠦᠨ ᠤ ᠤᠤᠭᠤᠬᠤ ᠤᠰᠤ ᠬᠠᠩᠭᠠᠬᠤ | ᠲᠥᠪᠯᠡᠷᠡᠩᠭᠦᠶ ᠮᠠᠶ᠋ᠢᠭ ᠤᠨ ᠢᠨᠵᠧᠨᠧᠷᠢᠩ ᠢ 282 ᠰᠢᠨ᠎ᠡ ᠪᠠᠷ ᠥᠭᠡᠷᠡᠴᠢᠯᠡᠨ ᠰᠠᠶᠢᠵᠢᠷᠠᠭᠤᠯᠵᠤ᠂ ᠬᠥᠳᠡᠭᠡ | ᠲᠣᠰᠬᠤᠨ ᠤ ᠴᠠᠬᠢᠯᠭᠠᠨ ᠲᠣᠣᠷ ᠤᠨ ᠥᠭᠡᠷᠡᠴᠢᠯᠡᠯᠲᠡ ᠶᠢᠨ 51 ᠲᠥᠷᠥᠯ ᠵᠦᠢᠯ ᠢ ᠬᠡᠷᠡᠭᠵᠢᠭᠦᠯᠦᠨ᠂ 380 | ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 2000 ᠠᠷᠢᠭᠤᠨ ᠴᠡᠪᠡᠷ ᠡᠷᠦᠬᠡ ᠶᠢᠨ | ᠵᠣᠷᠯᠣᠩ ᠢ ᠰᠢᠨ᠎ᠡ ᠪᠠᠷ ᠪᠠᠶᠢᠭᠤᠯᠪᠠ᠃ 44.4 ᠺᠢᠯᠦᠮᠧᠲᠷ ᠵᠠᠮ ᠢ ᠳᠡᠪᠢᠰᠴᠦ᠂ ᠲᠣᠰᠬᠤᠨ ᠤ ᠬᠤᠣᠰ ᠲᠡᠷᠭᠡᠨ | ᠵᠠᠮ ᠢ 43 ᠺᠢᠯᠦᠮᠧᠲᠷ ᠥᠭᠡᠷᠡᠴᠢᠯᠡᠨ ᠵᠠᠰᠠᠵᠠᠢ᠃ ᠫᠢᠩ ᠠᠨ ᠫᠦ᠋ ᠠᠴᠠ ᠴᠠᠭᠠᠨ ᠭᠤᠤᠯ ᠤᠨ ᠬᠡᠰᠡᠭ ᠤᠨ ᠵᠠᠰᠠᠮᠠᠯ | ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠂ ᠰᠧ ᠵᠢᠶᠠ ᠽᠢ ᠶᠡᠭᠡ ᠬᠥᠭᠦᠷᠭᠡ ᠶᠢᠨ | ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠬᠦ ᠲᠥᠷᠥᠯ ᠵᠦᠢᠯ ᠲᠡᠷᠭᠡ ᠨᠡᠪᠲᠡᠷᠡᠪᠡ᠃ LXB ᠤᠰᠤ ᠲᠠᠲᠠᠬᠤ᠂ | ᠯᠤᠤᠬ᠎ᠠ ᠶᠢᠨ ᠭᠤᠣᠯ ᠤᠨ ᠰᠠᠪᠠ ᠭᠠᠵᠠᠷ ᠪᠡᠷᠬᠡ ᠶᠢᠨ ᠭᠤᠣᠯ ᠤᠨ ᠠᠤᠬᠠᠨ ᠤ ᠬᠡᠰᠡᠭ ᠢ ᠰᠡᠯᠪᠢᠨ ᠵᠠᠰᠠᠬᠤ | ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠾᠧᠢ ᠴᠧᠩ ᠽᠢ ᠭᠤᠣᠯ ᠤᠨ ᠵᠠᠰᠠᠯᠲᠠ ᠶᠢᠨ ᠢᠨᠵᠧᠨᠧᠷᠢᠩ ᠤᠨ | ᠠᠵᠢᠯ ᠳᠠᠭᠤᠰᠴᠤ ᠰᠢᠯᠭᠠᠨ ᠠᠪᠤᠪᠠ᠃ ᠶᠤᠸᠠᠨ ᠪᠤᠤ ᠸᠠ ᠶᠢᠨ 66 ᠺᠢᠯᠤᠸᠠᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠪᠠᠷᠢᠯᠭ᠎ᠠ ᠠᠰᠢᠭᠯᠠᠯᠲᠠ ᠳᠤ ᠣᠷᠣᠪᠠ᠃ ᠠᠮᠢ ᠠᠬᠤᠶ ᠶᠢᠨ ᠰᠠᠭᠤᠷᠢ ᠤᠯᠠᠮ ᠠᠴᠠ ᠤᠯᠠᠮ | ᠰᠠᠶᠢᠵᠢᠷᠷᠠᠪᠠ᠃ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 92. | 8% ᠶᠢ ᠡᠵᠡᠯᠡᠵᠦ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ | ᠨᠤᠷᠮ᠎ᠠ 100% ᠳᠤ ᠬᠦᠷᠪᠡ᠃ ᠤᠯᠠᠭᠠᠬᠤᠰᠤ ᠤᠰᠤᠨ ᠴᠥᠭᠦᠷᠥᠮ ᠵᠢᠵᠢᠭ ᠨᠤᠭᠤ ᠭᠠᠵᠠᠷ ᠤᠨ ᠨᠡᠷᠡᠰ ᠲᠤ | ᠣᠷᠣᠪᠠ᠃ ᠰᠢᠶᠣᠣ ᠱᠠᠨ ᠤ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ ᠶᠢ | ᠠᠰᠢᠭᠯᠠᠯᠲᠠ ᠳᠤ ᠣᠷᠣᠭᠤᠯᠪᠠ᠃ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠵᠦ᠂ | 8.22 ᠲᠦᠮᠡᠨ ᠮᠥ ᠮᠣᠳᠣ ᠲᠠᠷᠢᠵᠤ ᠣᠶᠢᠵᠢᠭᠤᠯᠬᠤ᠂ 9 ᠲᠦᠮᠡᠨ ᠮᠥ ᠡᠪᠡᠰᠦ ᠳᠠᠷᠢᠬᠤ᠂ 0.66 ᠲᠦᠮᠡᠨ ᠮᠥ | ᠡᠯᠡᠰᠦ ᠶᠢ ᠰᠡᠷᠭᠡᠶᠢᠯᠡᠨ ᠵᠠᠰᠠᠬᠤ ᠶᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ | ᠪᠣᠳᠠᠰ ᠢ 22.62 ᠲᠦᠮᠡᠨ ᠮᠥ ᠰᠡᠷᠭᠡᠶᠢᠯᠡᠨ ᠵᠠᠰᠠᠬᠤ ᠶᠢ ᠦᠷᠨᠢᠭᠦᠯᠪᠡ᠃ ᠣᠢ ᠰᠢᠭᠤᠢ ᠶᠢᠨ ᠳᠠᠷᠤᠭ᠎ᠠ ᠶᠢᠨ | ᠳᠦᠷᠢᠮ ᠤᠨ ᠠᠵᠢᠯ ᠤᠯᠤᠰ ᠤᠨ ᠣᠢ ᠰᠢᠭᠤᠢ ᠶᠢᠨ ᠲᠣᠪᠴᠢᠶ᠎ᠠ ᠶᠢᠨ ᠬᠦᠬᠢᠭᠦᠯᠦᠯ ᠰᠠᠶᠢᠰᠢᠶᠠᠯ ᠢ ᠣᠯᠪᠠ᠃ | ᠨᠢᠭᠡ ᠵᠢᠯ ᠤᠨ ᠲᠤᠷᠰᠢ᠂ ᠪᠢᠳᠡ ᠢᠮᠠᠭᠲᠠ ᠠᠷᠠᠳ ᠲᠦᠮᠡᠨ ᠤ ᠵᠣᠷᠢᠯᠲᠠ ᠶᠢ ᠦᠢᠯᠡᠳᠦᠯᠭᠡᠵᠢᠭᠦᠯᠵᠦ᠂ | ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠵᠤ᠂ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠬᠠᠷᠢᠭᠤᠯᠲᠠ ᠥᠭᠴᠦ᠂ ᠤᠯᠠᠨ ᠲᠦᠮᠡᠨ ᠤ ᠪᠤᠶᠠᠨ ᠵᠢᠷᠭᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠳᠤᠮᠳᠠ ᠦᠷᠭᠦᠯᠵᠢᠯᠡᠨ ᠨᠡᠮᠡᠭᠳᠡᠭᠦᠯᠪᠡ᠃ ᠪᠠᠲᠤᠯᠠᠭ᠎ᠠ ᠶᠢᠨ ᠬᠢᠷᠢ ᠲᠦᠪᠰᠢᠨ ᠢ ᠨᠡᠩ ᠭᠦᠢᠴᠡᠳ ᠪᠣᠯᠭᠠᠪᠠ᠃ | ᠰᠢᠨ᠎ᠡ ᠪᠠᠷ ᠢᠯᠭᠠᠨ ᠲᠠᠨᠢᠭᠰᠠᠨ ᠬᠢᠨᠠᠨ ᠬᠡᠮᠵᠢᠬᠦ ᠡᠲᠡᠭᠡᠳ 343 ᠡᠷᠦᠬᠡ 754 ᠬᠥᠮᠦᠨ᠂ 5104 ᠬᠢᠨᠠᠨ | ᠬᠡᠮᠵᠢᠬᠦ ᠡᠲᠡᠭᠡᠳ ᠤᠨ ︽ᠬᠠᠪᠰᠤᠷᠬᠤ ᠶᠣᠰᠣᠲᠠᠶ ᠶᠢ ᠨᠢ ᠪᠦᠬᠦᠨ ᠢ ᠬᠠᠪᠰᠤᠷᠬᠤ︾ ᠶᠢ ᠪᠡᠶᠡᠯᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠬᠤᠲᠠ | ᠪᠠᠯᠭᠠᠰᠤᠨ ᠤ 1242 ᠬᠥᠮᠦᠨ ᠳᠤ ᠰᠢᠨ᠎ᠡ ᠪᠠᠷ ᠠᠵᠢᠯ ᠣᠯᠭᠤᠵᠤ᠂ 10.68 ᠲᠦᠮᠡᠨ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠪᠠ᠃ ᠨᠡᠶᠢᠭᠡᠮ ᠤᠨ ᠠᠪᠤᠷᠠᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠪᠡᠯᠡ | ᠮᠥᠩᠭᠦ ᠶᠢ ᠨᠡᠶᠢᠲᠡ 2.24 ᠳ᠋ᠦᠩᠰᠢᠭᠤᠷ ᠲᠥᠭᠦᠷᠢᠭ ᠲᠠᠷᠬᠠᠭᠠᠵᠤ᠂ 8.95 ᠲᠦᠮᠡᠨ ᠬᠥᠮᠥᠨ ᠤᠳᠠᠭ᠎ᠠ ᠳᠤ | ᠠᠰᠢᠭ ᠬᠦᠷᠲᠡᠭᠡᠪᠡ᠃ ᠰᠢᠨ ᠾᠦᠢ ᠬᠤᠲᠠ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠲᠥᠷᠦᠯ | ᠵᠦᠢᠯ ᠢ ᠤᠷᠤᠭᠰᠢᠲᠠᠢ ᠳᠠᠭᠤᠰᠬᠠᠵᠤ᠂ ᠰᠢᠶᠠᠩ ᠪᠠᠯᠭᠠᠰᠤ ᠰᠤᠮᠤᠨ ᠤ ᠣᠷᠣᠨ ᠪᠦᠰᠡ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ 4᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ 56 ᠶᠢ ᠪᠠᠶᠢᠭᠤᠯᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ | ᠵᠣᠯ ᠵᠢᠷᠭᠠᠯ ᠤᠨ ᠬᠦᠷᠢᠶᠡᠯᠡᠩ ᠢ 21 ᠪᠠᠶᠢᠭᠤᠯᠪᠠ᠃ 923 ᠡᠷᠦᠬᠡ ᠣᠨᠴᠠ ᠬᠦᠴᠢᠷᠳᠡᠯᠲᠡᠶ ᠨᠠᠰᠤᠲᠠᠶᠢᠴᠤᠳ ᠤᠨ | ᠬᠡᠷ ᠪᠦᠯᠢ ᠶᠢᠨ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ ᠶᠢ ᠪᠡᠶᠡᠯᠡᠭᠦᠯᠪᠡ᠃ ᠰᠤᠷᠭᠠᠨ ᠬᠥᠮᠦᠵᠢᠯ ᠤᠨ ᠡᠬᠢ | ᠪᠠᠶᠠᠯᠢᠭ ᠢ ᠨᠡᠩ ᠲᠡᠩᠴᠡᠭᠦᠷᠢᠲᠡᠢ ᠪᠣᠯᠭᠠᠪᠠ᠃ ︽ᠤᠯᠠᠭᠠᠨᠬᠠᠳᠠ ᠶᠢᠨ ᠮᠠᠰᠢᠨ ᠴᠠᠬᠢᠯᠭᠠᠨ ᠤ ᠢᠨᠵᠧᠨᠧᠷᠢᠩ ᠤᠨ | ᠰᠤᠷᠭᠠᠭᠤᠯᠢ︾ ᠠᠮᠵᠢᠯᠳᠠ ᠲᠠᠢ ᠪᠠᠷ ᠫᠠᠶᠢᠰᠠ ᠡᠯᠬᠦᠵᠤ᠂ ᠴᠡᠴᠡᠷᠯᠢᠭ ᠪᠠᠭ᠎ᠠ ᠰᠤᠷᠭᠠᠭᠤᠯᠢ ᠶᠢ ᠵᠤᠯᠭᠠᠭᠤᠯᠵᠤ᠂ | ᠡᠩ ᠤᠨ ᠪᠠ ᠣᠨᠴᠠᠭᠠᠢ ᠶᠢ ᠠᠭᠤᠰᠤᠯᠴᠠᠭᠤᠯᠤᠭᠰᠠᠨ ᠰᠤᠷᠭᠠᠨ ᠬᠦᠮᠦᠵᠢᠯ ᠨᠢ ᠢᠯᠡᠳᠳᠡ ᠦᠷ᠎ᠡ ᠪᠦᠳᠦᠮᠵᠢ ᠤᠯᠵᠤ᠂ | ᠰᠢᠨ ᠾᠦᠢ ᠵᠢᠷᠭᠤᠳᠤᠭᠠᠷ ᠪᠠᠭ᠎ᠠ ᠰᠤᠷᠭᠠᠭᠤᠯᠢ ᠶᠢᠨ ︽ᠠᠩᠬᠠᠳᠤᠭᠠᠷ ᠪᠦᠯᠦᠭ ᠪᠦᠬᠦ ᠤᠯᠤᠰ ᠤᠨ ᠳᠤᠮᠳᠠᠳᠤ | ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠲᠤᠷᠰᠢᠯᠳᠠ ᠶᠢᠨ ᠰᠤᠷᠭᠠᠭᠤᠯᠢ︾ ᠶᠢ | ᠡᠭᠦᠳᠦᠨ ᠪᠠᠶᠢᠭᠤᠯᠵᠤ᠂ ᠰᠢᠨ ᠾᠦᠢ ᠳᠤᠮᠳᠠᠳᠤ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠢᠯᠭᠠᠯᠳᠠ ᠶᠢᠨ | ᠵᠢᠩᠬᠢᠨᠢ ᠠᠩᠬᠢ ᠶᠢᠨ ᠨᠤᠷᠮ᠎ᠠ᠂ ᠭᠤᠤᠯᠳᠠᠯᠭ᠎ᠠ ᠲᠠᠢ ᠰᠤᠷᠭᠠᠭᠤᠯᠢ ᠲᠠᠪᠰᠢᠭᠰᠠᠨ ᠨᠤᠷᠮ᠎ᠠ ᠨᠢ ᠪᠦᠬᠦ ᠬᠤᠳᠠ ᠶᠢᠨ | ᠡᠮᠦᠨ᠎ᠡ ᠡᠩᠨᠡᠭᠡᠨ ᠳᠤ ᠤᠷᠤᠪᠠ᠃ ᠰᠢᠨ ᠾᠦᠢ ᠳᠥᠷᠪᠡᠳᠦᠭᠡᠷ ᠳᠤᠮᠳᠠᠳᠤ ᠰᠤᠷᠭᠠᠭᠤᠯᠢ ᠵᠡᠷᠭᠡ 13 ᠰᠤᠷᠭᠠᠨ | ᠬᠥᠮᠦᠵᠢᠯ ᠤᠨ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ 5060 | ᠡᠷᠳᠡᠮ ᠤᠨ ᠴᠣᠯᠠ ᠰᠢᠨ᠎ᠡ ᠪᠠᠷ ᠨᠡᠮᠡᠭᠳᠡᠪᠡ᠃ ᠡᠮ ᠡᠮᠨᠡᠯᠭᠡ ᠶᠢᠨ ᠦᠢᠯᠡᠴᠢᠯᠡᠭᠡ ᠨᠡᠩ ᠴᠢᠨᠠᠷ ᠰᠠᠶᠢᠲᠠᠢ ᠪᠣᠯᠪᠠ᠃ ︽ | ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ | ᠢ ᠰᠢᠯᠭᠠᠨ ᠠᠪᠴᠤ ᠪᠠᠷᠢᠮᠵᠢᠶ᠎ᠠ ᠳᠤ ᠬᠦᠷᠦᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠡᠮ | ᠡᠮᠨᠡᠯᠭᠡ ᠶᠢᠨ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠵᠦ᠂ ︽ᠰᠢᠯᠢᠳᠡᠭ ᠦᠢᠯᠡᠴᠢᠯᠡᠭᠡᠨ ᠤ ᠦᠨᠳᠦᠰᠦᠨ ᠱᠠᠲᠤᠨ ᠤ ᠠᠶᠠᠯᠠᠯ︾ ᠤᠨ ᠠᠵᠢᠯᠯᠠᠭ᠎ᠠ ᠶᠢ ᠪᠥᠬᠦ | ᠬᠤᠲᠠ ᠳᠤ ᠳᠠᠭᠠᠭᠤᠯᠤᠨ ᠬᠦᠭᠵᠢᠭᠦᠯᠪᠡ᠃ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ ᠨᠢ | ᠭᠤᠷᠪᠠᠳᠤᠭᠠᠷ ᠳᠡᠰ ᠤᠨ ᠬᠥᠬᠡᠭᠴᠢᠨ ᠳᠡᠰ ᠤᠨ ᠬᠢᠲᠠᠳ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ | ᠠᠮᠵᠢᠯᠲᠠ ᠲᠠᠢ ᠳᠡᠰ ᠳᠡᠪᠰᠢᠭᠦᠯᠵᠦ᠂ ᠴᠠᠩ ᠱᠧᠩ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠪᠡᠳᠴᠢᠲᠡᠨ ᠤ | ᠦᠷᠦᠭᠡ ᠶᠢᠨ ᠶᠡᠷᠦᠩᠬᠡᠶᠢᠯᠡᠭᠰᠡᠨ ᠠᠰᠠᠷ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠦᠨᠳᠦᠰᠦᠨ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ | ᠭᠤᠷᠪᠠᠨ ᠪᠠᠲᠤᠯᠠᠭ᠎ᠠ ᠶᠢᠨ ᠲᠦᠷᠢᠮ ᠳᠤ ︽ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠬᠤ︾ ᠶᠢ ᠪᠡᠶᠡᠯᠡᠭᠦᠯᠪᠡ᠃ | ᠨᠢᠭᠲᠠ ᠬᠡᠯᠪᠡᠷᠢ ᠶᠢᠨ ᠡᠮᠴᠢᠯᠡᠬᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠲᠠᠭᠤᠨ ᠢᠶᠠᠷ ᠠᠭᠢᠭᠤᠯᠵᠤ | ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠶᠢᠨ ᠥᠭᠡᠷᠡᠴᠢᠯᠡᠯᠲᠡ ᠲᠠᠰᠤᠷᠠᠯᠲᠠ ᠦᠭᠡᠢ ᠬᠦᠨᠵᠡᠭᠡᠢᠷᠡᠪᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠨᠡᠩ ᠴᠡᠴᠡᠭᠯᠡᠨ ᠬᠥᠭᠵᠢᠪᠡ᠃ ᠬᠡᠭᠡᠷᠡᠯᠡᠨ ᠠᠶᠠᠯᠠᠬᠤ ᠮᠤᠲ᠋ᠤᠷ ᠲᠡᠷᠭᠡᠨ ᠤ | ᠰᠣᠯᠢᠯᠴᠠᠭᠠᠨ ᠤ ᠤᠷᠤᠯᠳᠤᠭᠠᠨ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ 26 ᠲᠠᠯᠠᠪᠤᠷ | ᠤᠳᠠᠭ᠎ᠠ ᠡᠷᠭᠢᠯᠡᠵᠦ᠂ ᠡᠯ᠎ᠡ ᠲᠥᠷᠥᠯ ᠤᠨ ᠲᠣᠭᠯᠠᠯᠲᠠ ᠶᠢ 90 ᠭᠠᠷᠤᠶ ᠤᠳᠠᠭ᠎ᠠ ᠵᠣᠬᠢᠶᠠᠨ ᠪᠠᠶᠢᠭᠤᠯᠵᠤ᠂ | ᠠᠩᠬᠠᠨ ᠤ ᠡᠭᠦᠳᠦᠯᠲᠡ ᠶᠢᠨ ᠶᠠᠷᠢᠶᠠᠲᠤ ᠵᠦᠴᠦᠭᠡ ︽ᠵᠢᠶᠤᠤ ᠢᠦᠶ ᠯᠦ︾ ᠶᠢᠨ ᠠᠩᠬᠠᠨ ᠤ ᠲᠣᠭᠯᠠᠯᠲᠠ ᠶᠢ | ᠠᠮᠵᠢᠯᠲᠠ ᠲᠠᠢ ᠪᠡᠶᠡᠯᠡᠭᠦᠯᠪᠡ᠃ ᠰᠢ ᠳ᠋ᠠ ᠯᠢᠶᠠᠩ᠂ ᠯᠢᠦ ᠵᠢᠶᠠ ᠲᠦᠨ ᠵᠡᠷᠭᠡ 4 ᠰᠠᠭᠤᠷᠢ ᠪᠠᠭᠤᠷᠢ ᠶᠢᠨ ᠬᠠᠭᠤᠴᠢ | ᠰᠤᠳᠤᠯᠤᠯ ᠤᠨ ᠠᠭᠤᠳᠠᠯᠤᠯᠲᠠ ᠦᠷᠭᠦᠯᠵᠢᠯᠡᠨ ᠠᠬᠢᠵᠤ᠂ ᠶᠤᠸᠠᠨ ᠪᠤᠤ ᠱᠠᠨ ᠤ ᠲᠤᠨᠤᠮᠠᠯ ᠴᠢᠯᠠᠭᠤᠨ ᠪᠤᠯᠠᠭ ᠤᠨ | ᠬᠠᠭᠤᠴᠢ ᠰᠤᠳᠤᠯᠤᠯ ᠤᠨ ᠦᠷ᠎ᠡ ᠪᠦᠲᠦᠭᠡᠯ ᠤᠯᠠᠨ ᠵᠦᠢᠯ ᠤᠨ ᠴᠢᠬᠤᠯᠠ ᠶᠡᠭᠡ ᠰᠢᠪᠲᠤᠯᠤᠯᠲᠠ ᠶᠢ ᠡᠭᠦᠳᠪᠡ᠃ | ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ | ᠶᠢᠨ ᠳᠠᠬᠢᠨ ᠬᠢᠨᠠᠬᠤ ᠠᠵᠢᠯ ᠠᠮᠵᠢᠯᠲᠠ ᠲᠠᠢ ᠲᠡᠭᠦᠰᠪᠡ᠃ | ᠨᠢᠭᠡ ᠵᠢᠯ ᠤᠨ ᠲᠤᠷᠰᠢ᠂ ᠪᠢᠳᠡ ᠠᠮᠤᠷ ᠲᠦᠪᠰᠢᠨ ᠤ ᠬᠤᠷᠢᠭ᠎ᠠ ᠱᠤᠭᠤᠮ ᠢ ᠢᠮᠠᠭᠲᠠ ᠪᠠᠲᠤ ᠰᠠᠬᠢᠵᠤ᠂ | ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠪᠦᠯᠬᠦᠮᠳᠡᠯ ᠢ ᠰᠠᠬᠢᠨ ᠬᠠᠮᠠᠭᠠᠯᠠᠵᠤ᠂ ᠨᠡᠶᠢᠭᠡᠮ ᠤᠨ | ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠤ ᠳᠤᠮᠳᠠ ᠥᠨᠢ ᠤᠳᠠᠭᠠᠨ ᠠᠮᠤᠷ ᠲᠦᠪᠰᠢᠨ ᠪᠠᠶᠢᠪᠠ᠃ | ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠡᠶᠢᠭᠡᠮ ᠤᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ | ᠲᠦᠪᠰᠢᠨ ᠢ ᠴᠢᠩᠭ᠎ᠠ ᠠᠩᠬᠠᠷᠴᠤ᠂ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭ᠎ᠠ᠂ ᠰᠢᠲᠠᠮᠠᠬᠠᠢ | ᠬᠡᠢ ᠶᠢᠨ ᠠᠮᠤᠷ ᠲᠦᠪᠰᠢᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ ᠵᠡᠷᠭᠡ ᠲᠤᠰᠬᠠᠢ ᠴᠡᠭᠴᠡᠯᠡᠨ ᠵᠠᠰᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠠᠮᠤᠷ | ᠲᠦᠪᠰᠢᠨ ᠤ ᠪᠠᠶᠢᠳᠠᠯ ᠲᠣᠭᠲᠠᠭᠤᠨ ᠡᠮᠬᠢ ᠳᠢᠭᠯᠢᠮ ᠲᠠᠢ ᠪᠠᠶᠢᠪᠠ᠃ ᠯᠤᠤᠬ᠎ᠠ ᠶᠢᠨ ᠭᠤᠣᠯ᠂ ᠯᠣᠣ ᠬᠤ᠋ ᠱᠠᠨ | ᠭᠤᠣᠯ ᠤᠨ ᠰᠠᠪᠠ ᠭᠠᠵᠠᠷ ᠤᠨ ᠦᠶᠡᠷ ᠤᠨ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠯᠠᠨ ᠤ | ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠤᠯᠢᠵᠢᠯ ᠢ ᠪᠥᠬᠦ ᠲᠠᠯ᠎ᠠ ᠪᠠᠷ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠤᠨ ᠲᠤᠭ᠎ᠠ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 9% ᠪᠠᠭᠤᠷᠠᠪᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠪᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠨᠡᠶᠢᠲᠡ 6.34 ᠳ᠋ᠦᠩᠰᠢᠭᠤᠷ ᠲᠥᠭᠦᠷᠢᠭ ᠤᠨ ᠡᠷᠡᠭᠦᠯ ᠪᠤᠰᠤ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ | ᠰᠢᠢᠳᠪᠦᠷᠢᠯᠡᠨ᠂ ᠬᠥᠳᠡᠭᠡ ᠲᠣᠰᠬᠤᠨ ᠤ ᠢᠲᠡᠭᠡᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠭᠠᠳᠬᠠᠯ ᠤᠨ | ᠠᠵᠢᠯ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ | ᠴᠢᠨᠠᠷᠲᠠᠶ ᠲᠦᠭᠰᠢᠭᠦᠷᠢ ᠡᠭᠦᠰᠬᠦ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠪᠠ᠃ | ᠨᠢᠭᠡ ᠵᠢᠯ ᠤᠨ ᠲᠤᠷᠰᠢ᠂ ᠪᠢᠳᠡ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠷ᠎ᠡ ᠪᠦᠲᠦᠮᠵᠢ ᠶᠢ | ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭ᠎ᠠ ᠪᠣᠳᠠᠲᠠᠢ ᠳᠤᠮᠳᠠ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ | ᠦᠵᠡᠯ ᠰᠠᠨᠠᠭᠠᠨ ᠤ ᠶᠡᠭᠡ ᠴᠢᠯᠥᠭᠡᠯᠡᠯᠲᠡ᠂ ᠠᠵᠢᠯ ᠤᠨ ᠶᠡᠭᠡ ᠬᠤᠷᠳᠤᠴᠠ᠂ ᠠᠵᠤ ᠠᠬᠤᠢ ᠶᠢᠨ ᠶᠡᠭᠡ ᠬᠥᠭᠵᠢᠯᠲᠡ︾ | ᠶᠢᠨ ᠶᠠᠷᠢᠯᠴᠠᠭᠠᠨ ᠤ ᠠᠵᠢᠯᠯᠠᠭ᠎ᠠ ᠶᠢ ᠨᠠᠷᠢᠨ ᠬᠢᠨᠠᠮᠠᠭᠠᠢ ᠦᠷᠨᠢᠭᠦᠯᠪᠡ᠃ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠬᠦᠴᠦ ᠣᠷᠣᠭᠤᠯᠤᠨ ᠵᠠᠯᠠᠷᠠᠭᠤᠯᠵᠤ᠂ | ᠵᠠᠰᠠᠭ ᠤᠨ ᠣᠷᠳᠣᠨ ᠤ ᠠᠯᠪᠠᠨ ᠪᠢᠴᠢᠭ ᠪᠣᠯᠤᠨ ᠬᠤᠷᠠᠯ ᠤᠨ ᠲᠤᠭ᠎ᠠ ᠶᠢ ᠨᠡᠩ ᠶᠡᠬᠡᠪᠡᠷ ᠴᠣᠮᠬᠠᠳᠬᠠᠨ᠂ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢᠯᠡᠷᠬᠡᠶ ᠠᠮᠵᠢᠯᠲᠠ ᠣᠯᠪᠠ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠣᠭᠲᠠᠴᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ | ᠬᠦᠯᠢᠶᠡᠬᠦ ᠲᠦᠷᠢᠮ ᠢ ᠢᠳᠡᠪᠬᠢᠲᠡᠶ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠨᠠᠩ | ᠵᠢᠷᠤᠮᠵᠢᠭᠰᠠᠨ ᠢᠯᠡ ᠲᠣᠳᠣ ᠪᠣᠯᠭᠠᠪᠠ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ | ᠪᠣᠯᠭᠠᠵᠤ᠂ ︽ᠠᠯᠪᠠᠨ ᠤ ᠭᠤᠷᠪᠠᠨ︾ ᠵᠠᠷᠤᠳᠠᠯ 20.6% ᠪᠠᠷ ᠪᠠᠭᠤᠷᠠᠪᠠ᠃ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠡ ᠵᠦᠢᠯ ᠤᠨ ᠰᠢᠢᠳᠪᠦᠷᠢ ᠶᠢ | ᠨᠠᠷᠢᠨ ᠬᠢᠨᠠᠮᠠᠭᠠᠶ ᠬᠡᠷᠡᠭᠵᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠣᠰᠣᠭᠠᠷ ᠬᠢᠨᠠᠯᠲᠠ ᠲᠠᠯᠪᠢᠬᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ 144 ᠬᠤᠪᠢ ᠰᠠᠨᠠᠭᠤᠯᠭ᠎ᠠ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ 121 ᠬᠤᠪᠢ ᠳᠤᠷᠠᠳᠤᠯᠭ᠎ᠠ ᠶᠢ ᠴᠢᠨᠠᠷ ᠰᠠᠶᠢᠲᠠᠶ | ᠭᠦᠢᠴᠡᠳᠭᠡᠵᠦ᠂ ᠾᠦᠢ ᠸᠧᠨ ᠠᠭᠤᠳᠠᠮ ᠲᠠᠯᠠᠪᠠᠶ ᠶᠢ ᠥᠭᠡᠷᠡᠴᠢᠯᠡᠨ ᠵᠠᠰᠠᠬᠤ ᠵᠡᠷᠭᠡ 6 ᠬᠤᠪᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠠᠰᠠᠭ ᠤᠨ ᠣᠷᠳᠣᠨ ᠤ ᠡᠯ᠎ᠡ | ᠵᠦᠢᠯ ᠤᠨ ᠠᠵᠢᠯ ᠤᠨ ᠥᠷᠨᠢᠯᠲᠡ ᠶᠢ ᠪᠦᠲᠦᠮᠵᠢᠲᠡᠶ ᠠᠬᠢᠭᠤᠯᠪᠠ᠃ | ᠡᠭᠦᠨ ᠠᠴᠠ ᠭᠠᠳᠠᠨ᠎ᠠ᠂ ᠠᠷᠠᠳ ᠤᠨ ᠵᠡᠪᠰᠡᠭᠲᠦ ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠰᠢᠨ᠎ᠡ ᠠᠮᠵᠢᠯᠲᠠ ᠣᠯᠵᠤ᠂ ᠬᠢᠨᠠᠨ ᠪᠤᠳᠤᠵᠤ | ᠬᠢᠨᠠᠯᠲᠠ ᠲᠠᠯᠪᠢᠬᠤ᠂ ᠲᠡᠤᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠴᠡᠷᠢᠭ ᠠᠴᠠ ᠬᠠᠯᠠᠭᠳᠠᠭᠰᠠᠳ᠂ ᠴᠠᠭ | ᠠᠭᠤᠷ ᠤᠨ ᠠᠵᠢᠯ ᠰᠢᠨ᠎ᠡ ᠳᠡᠭᠡᠭᠰᠢᠯᠡᠯᠲᠡ ᠲᠠᠢ ᠪᠣᠯᠵᠣ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ | ᠠᠵᠢᠯ ᠦᠢᠯᠡᠰ ᠰᠢᠨ᠎ᠡ ᠳᠠᠪᠰᠢᠯᠲᠠ ᠶᠢ ᠪᠡᠶᠡᠯᠡᠭᠦᠯᠪᠡ᠃ | ᠲᠥᠯᠥᠭᠡᠯᠡᠭᠴᠢᠳ ᠡ︕ ᠡᠨᠡ ᠨᠢᠭᠡ ᠵᠢᠯ ᠢ ᠡᠷᠭᠢᠴᠡᠭᠦᠯᠬᠦᠶ᠎ᠡ᠂ ᠪᠢᠳᠡ ︽ ᠲᠡᠮᠡᠴᠡᠨ ᠪᠤᠯᠢᠶᠠᠯᠳᠤᠬᠤ︾ ᠪᠠᠷ | ᠡᠬᠢᠯᠡᠯᠲᠡ ᠪᠣᠯᠭᠠᠵᠤ᠂ ︽ᠪᠣᠳᠠᠲᠠᠶ ᠠᠵᠢᠯᠯᠠᠬᠤ︾ ᠪᠠᠷ ᠪᠣᠭᠤᠮᠲᠠ ᠰᠢᠪᠲᠤᠯᠤᠨ᠂ ︽ᠰᠢᠪᠲᠤᠯᠤᠨ ᠳᠠᠭᠠᠷᠢᠬᠤ︾ | ᠪᠠᠷ ᠲᠡᠭᠦᠰᠴᠦ᠂ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠮᠠᠷᠲᠠᠭᠳᠠᠰᠢ ᠥᠬᠡᠶ ᠥᠩᠭᠡᠷᠡᠯᠲᠡ ᠶᠢ | ᠥᠩᠭᠡᠷᠡᠭᠡᠵᠦ᠂ ᠬᠢᠯᠪᠠᠷ ᠪᠤᠰᠤ ᠪᠠᠷ ᠠᠮᠵᠢᠯᠲᠠ ᠤᠯᠪᠠ᠃ ᠡᠨᠡᠬᠦ ᠠᠮᠵᠢᠯᠲᠠ ᠪᠦᠲᠦᠮᠵᠢ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ | ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ ᠳᠤ ᠪᠠᠶᠢᠨ᠎ᠠ᠂ ᠥᠷᠭᠡᠨ ᠣᠯᠠᠨ ᠺᠠᠳ᠋ᠷ ᠣᠯᠠᠨ | ᠲᠦᠮᠡᠨ ᠤ ᠬᠠᠷᠠᠮ ᠦᠭᠡᠢ ᠵᠣᠷᠢᠭᠤᠯᠬᠤ ᠳᠤ ᠪᠠᠶᠢᠨ᠎ᠠ︕ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠠ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ | ᠨᠥᠬᠦᠳ᠂ ᠠᠤᠬᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠲᠡᠭᠡᠳ ᠤᠨ ᠬᠥᠮᠦᠰ ᠪᠠ ᠨᠠᠶᠢᠵᠠ | ᠨᠠᠷ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠵᠢᠯ ᠤᠨ ᠦᠢᠯᠡᠳᠦᠯᠭᠡ ᠳᠤᠮᠳᠠ᠂ ᠠᠤᠬᠠᠨ ᠳᠤ ᠶᠠᠭ ᠡᠷᠡᠯᠬᠡᠭᠯᠡᠨ ᠤᠷᠤᠭᠰᠢᠯᠠᠬᠤ᠂ ᠳᠠᠪᠠᠭ᠎ᠠ ᠳᠠᠪᠠᠭ᠋ᠤ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ᠂ ᠪᠥᠬᠦ ᠬᠤᠰᠢᠭᠤᠨ ᠤ ᠬᠥᠭᠵᠢᠯᠲᠡ ᠳᠤ ᠪᠠᠰᠠ ᠴᠥᠭᠡᠨ ᠪᠤᠰᠤ | ᠬᠦᠴᠢᠷᠳᠡᠯ ᠪᠠ ᠠᠰᠠᠭᠤᠳᠠᠯ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠤᠯᠪᠠ᠃ ᠭᠤᠣᠯᠳᠠᠭᠤ᠄ | ᠴᠢᠨᠠᠷ ᠰᠠᠶᠢᠲᠠᠢ ᠬᠥᠭᠵᠢᠯᠲᠡ᠂ ᠠᠵᠤ ᠦᠢᠯᠡᠰ ᠤᠨ ᠪᠦᠲᠦᠴᠡ ᠵᠦᠢ ᠵᠣᠬᠢᠰᠲᠠᠢ ᠪᠢᠰᠢ᠂ ᠠᠵᠤ ᠠᠬᠤᠢ ᠶᠢᠨ | ᠨᠡᠮᠡᠭᠳᠡᠯ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ︔ ᠴᠢᠨᠠᠷ ᠰᠠᠶᠢᠲᠠᠢ ᠠᠮᠢᠳᠤᠷᠠᠯ᠂ ᠰᠤᠷᠭᠠᠨ | ᠬᠥᠮᠦᠵᠢᠯ᠂ ᠡᠮ ᠡᠮᠨᠡᠯᠭᠡ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠯᠠᠨ ᠲᠦᠮᠡᠨ ᠤ ᠬᠦᠰᠡᠯ ᠡᠷᠡᠮᠡᠯᠵᠡᠯ ᠲᠠᠢ | ᠪᠠᠰᠠ ᠵᠥᠷᠢᠶ᠎ᠡ ᠲᠠᠢ ᠪᠠᠶᠢᠨ᠎ᠠ︔ ᠥᠨᠳᠥᠷ ᠪᠦᠲᠦᠮᠵᠢᠲᠡᠢ ᠵᠠᠰᠠᠯᠲᠠ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ | ᠲᠣᠭᠲᠠᠭᠤᠨ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠬᠤ ᠦᠭᠡᠢ︔ | ᠥᠨᠳᠥᠷ ᠬᠡᠪ ᠪᠣᠯᠪᠠᠰᠤᠷᠠᠯ ᠲᠠᠢ ᠡᠩᠨᠡᠭᠡ ᠲᠠᠢ ᠬᠠᠷᠢᠴᠠᠭᠤᠯᠵᠤ᠂ ᠬᠡᠰᠡᠭ ᠺᠠᠳ᠋ᠷᠴᠤᠳ ᠰᠢᠨ᠎ᠡ ᠪᠠᠶᠢᠳᠠᠯ᠂ ᠰᠢᠨ᠎ᠡ | ᠡᠭᠦᠷᠭᠡ᠂ ᠰᠢᠨ᠎ᠡ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ᠃ ᠳᠡᠭᠡᠷ᠎ᠡ ᠳᠤᠷᠠᠳᠤᠭᠰᠠᠨ ᠡᠳᠡᠭᠡᠷ ᠠᠰᠠᠭᠤᠳᠠᠯ ᠢ | ᠪᠢᠳᠡ ᠠᠵᠢᠯ ᠤᠨ ᠡᠷᠴᠢᠮ ᠢᠶᠠᠨ ᠨᠡᠮᠡᠭᠳᠡᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠢᠨᠠᠮᠠᠭᠠᠶ | ᠰᠢᠢᠳᠪᠦᠷᠢᠯᠡᠬᠦ ᠬᠡᠷᠡᠭᠲᠡᠶ᠃ | ᠬᠤᠶᠠᠷ᠂ 2025 ᠣᠨ ᠤ ᠭᠤᠣᠯᠳᠠᠯᠭ᠎ᠠ ᠲᠠᠢ ᠠᠵᠢᠯ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠵᠢᠯ ᠮᠥᠨ | ᠃ ᠲᠠᠪᠤᠨ ᠵᠢᠯ ᠤᠨ ᠲᠥᠯᠥᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠰᠢᠯᠵᠢᠬᠦ ᠬᠤᠭᠤᠴᠠᠭ᠎ᠠ᠂ | ᠲᠥᠷᠥ ᠶᠢᠨ ᠪᠣᠳᠣᠯᠭ᠎ᠠ ᠶᠢᠨ ᠰᠠᠶᠢᠨ ᠨᠢᠭᠲᠠᠷᠠᠭᠰᠠᠨ ᠬᠤᠭᠤᠴᠠᠭ᠎ᠠ᠂ ᠬᠥᠳᠡᠯᠭᠡᠬᠦ ᠡᠨᠧᠷᠭᠢ ᠶᠢᠨ ᠳᠠᠪᠠᠭᠤᠯᠢᠭ ᠢ | ᠬᠤᠷᠠᠮᠳᠤᠭᠤᠯᠬᠤ ᠬᠤᠭᠤᠴᠠᠭ᠎ᠠ ᠶᠢ ᠲᠦᠷᠭᠡᠳᠬᠡᠬᠦ ᠳᠤ ᠣᠷᠣᠰᠢᠵᠤ᠂ ᠪᠢᠳᠡ ᠬᠥᠭᠵᠢᠯᠲᠡ ᠶᠢᠨ ᠬᠡᠷᠡᠭᠴᠡᠭᠡ᠂ | ᠵᠠᠰᠠᠭ ᠤᠨ ᠣᠷᠳᠣᠨ ᠤ ᠴᠢᠳᠠᠪᠤᠷᠢ᠂ ᠤᠯᠠᠨ ᠲᠦᠮᠡᠨ ᠤ ᠬᠦᠰᠡᠯ᠂ ᠠᠵᠢᠯ ᠤᠨ ᠬᠠᠨᠳᠤᠰᠢ ᠶᠢ ᠨᠠᠩ ᠰᠠᠶᠢᠲᠤᠷ | ᠨᠢᠭᠡᠳᠦᠯᠲᠡᠢ ᠲᠥᠯᠥᠪᠵᠢᠭᠦᠯᠵᠦ᠂ ᠠᠯᠢᠪᠠ ᠠᠰᠢᠭᠲᠠᠢ ᠨᠥᠬᠦᠴᠡᠯ ᠢ ᠠᠰᠢᠭᠯᠠᠨ᠂ ᠠᠯᠢᠪᠠ ᠠᠰᠢᠭᠲᠠᠢ ᠴᠠᠭ | ᠲᠣᠬᠢᠶᠠᠯ ᠢ ᠠᠳᠬᠤᠵᠤ᠂ ᠳᠠᠪᠠᠭᠤᠯᠢᠭ ᠢᠶᠠᠷ ᠢᠶᠠᠨ ᠶᠠᠰᠤ ᠴᠢᠨᠠᠷ ᠦᠷ᠎ᠡ ᠪᠦᠲᠦᠮᠵᠢ ᠶᠢ ᠨᠡᠮᠡᠭᠳᠡᠭᠦᠯᠵᠦ᠂ ᠰᠢᠨ᠎ᠡ ᠶᠢ | ᠡᠭᠦᠳᠬᠦ ᠪᠠᠷ ᠰᠢᠪᠲᠤᠯᠤᠯᠲᠠ ᠭᠠᠷᠭᠠᠵᠤ᠂ ᠠᠤᠬᠠᠨ ᠤ ᠴᠢᠨᠠᠷ ᠰᠠᠶᠢᠲᠠᠢ ᠬᠥᠭᠵᠢᠯᠲᠡ ᠪᠠ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ | ᠤᠳᠠᠭᠠᠨ ᠤ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠠᠵᠢᠯ ᠤᠨ ᠭᠤᠤᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ | ᠪᠠ ᠤᠯᠠᠭᠠᠨᠬᠠᠳᠠ ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠪᠠᠷ ᠵᠢᠯᠤᠭᠤᠳᠤᠮᠵᠢ ᠪᠣᠯᠭᠠᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠠᠵᠤ ᠠᠬᠤᠶ ᠶᠢᠨ ᠲᠣᠭᠲᠠᠭᠤᠨ | ᠡᠷᠡᠭᠦᠯ ᠢᠶᠠᠷ ᠠᠵᠢᠯᠯᠠᠬᠤ ᠶᠢ ᠠᠬᠢᠭᠤᠯᠤᠨ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 15% ᠠᠴᠠ ᠳᠡᠭᠡᠭᠰᠢ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 4% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠡᠶᠡᠷᠭᠦ ᠨᠡᠮᠡᠭᠳᠡᠯ ᠢ ᠪᠡᠶᠡᠯᠡᠭᠦᠯᠬᠦ ᠪᠠᠷ ᠴᠢᠷᠮᠠᠶᠢᠵᠤ᠂ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ | ᠪᠣᠯᠭᠠᠬᠤ ᠪᠠᠷ ᠴᠢᠷᠮᠠᠶᠢᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢᠨ ᠲᠣᠭᠤᠷᠢᠨ ᠳᠤ᠂ ᠳᠣᠤᠷᠠᠬᠢ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠶᠡᠭᠡ ᠪᠠᠷ ᠠᠵᠢᠯᠯᠠᠵᠤ ᠲᠦᠷᠭᠡᠨ ᠬᠦᠭᠵᠢᠬᠦ ᠶᠢ ᠳᠤᠪᠤᠶᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ | ᠰᠠᠭᠤᠷᠢ ᠶᠢ ᠪᠠᠲᠤ ᠴᠣᠭᠴᠠᠯᠠᠨ᠎ᠠ | ᠥᠨᠳᠥᠷ ᠵᠣᠭᠰᠤᠴᠠ ᠠᠴᠠ ᠲᠥᠷᠥᠯ ᠵᠦᠢᠯ ᠢ ᠲᠥᠯᠥᠪᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ | ᠣᠷᠣᠨ ᠠᠴᠠ ᠣᠯᠭᠤᠭᠰᠠᠨ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠵᠦ᠂ ︽ᠠᠷᠪᠠᠨ ᠲᠠᠪᠤᠳᠤᠭᠠᠷ ᠲᠠᠪᠤᠨ | ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠣᠩᠬᠤᠪᠴᠢ ᠶᠢᠨ ᠬᠤᠭᠤᠴᠠᠭ᠎ᠠ ᠶᠢ ᠠᠳᠬᠤᠵᠤ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ︽ᠰᠠᠨᠠᠯ | ︾ ᠵᠢᠴᠢ ᠡᠯ᠎ᠡ ᠶᠠᠮᠤᠨ ᠵᠥᠪᠯᠡᠯ ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠤᠷᠰᠢᠯᠲᠠ ᠶᠢᠨ ᠴᠡᠭ ᠵᠡᠷᠭᠡ ᠤᠯᠤᠰ ᠤᠨ ᠪᠠᠶᠢᠯᠳᠤᠬᠤ | ᠪᠣᠳᠣᠯᠭ᠎ᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ | ᠣᠨᠣᠪᠴᠢᠲᠠᠶ ᠡᠵᠡᠮᠰᠢᠵᠦ᠂ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠰᠠᠭᠤᠷᠢᠯᠠᠨ᠂ ᠣᠯᠠᠨ ᠨᠡᠶᠢᠲᠡ ᠶᠢᠨ | ᠦᠢᠯᠡᠴᠢᠯᠡᠭᠡ ᠶᠢ ᠳᠡᠭᠡᠭᠰᠢᠯᠡᠭᠦᠯᠬᠦ᠂ ᠭᠠᠳᠠᠭᠠᠳᠤ ᠨᠡᠭᠡᠭᠡᠯᠲᠡ ᠬᠢᠵᠦ ᠬᠥᠭᠵᠢᠭᠦᠯᠬᠦ᠂ ᠳᠠᠪᠠᠭᠤᠯᠢᠭ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠢ ᠲᠠᠰ ᠳᠡᠪᠰᠢᠭᠦᠯᠬᠦ᠂ ᠰᠢᠨ᠎ᠡ ᠪᠠᠷ ᠬᠥᠭᠵᠢᠭᠰᠡᠨ ᠠᠵᠤ | ᠦᠢᠯᠡᠰ ᠢ ᠪᠤᠶᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠥᠭᠡᠴᠡᠯᠡᠬᠦ ᠲᠥᠷᠥᠯ ᠵᠦᠢᠯ ᠢ ᠭᠦᠨᠵᠡᠭᠡᠶ | ᠲᠥᠯᠥᠪᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢᠨ ᠬᠥᠰᠢᠭᠦᠷᠭᠡ ᠶᠢᠨ ᠦᠢᠯᠡᠳᠦᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ | ᠴᠢᠨᠠᠷ ᠰᠠᠶᠢᠲᠠᠢ ᠲᠥᠷᠥᠯ ᠵᠦᠢᠯ ᠢ ᠲᠠᠲᠠᠨ ᠣᠷᠤᠭᠤᠯᠤᠨ᠎ᠠ᠃ ᠣᠷᠣᠨ ᠪᠠᠶᠢᠷᠢ᠂ ᠡᠬᠢ ᠪᠠᠶᠠᠯᠢᠭ᠂ ᠠᠵᠤ | ᠦᠢᠯᠡᠰ ᠤᠨ ᠶᠡᠷᠦᠩᠬᠡᠶᠢᠯᠡᠭᠰᠡᠨ ᠳᠠᠪᠠᠭᠤᠯᠢᠭ ᠢ ᠪᠠᠳᠠᠷᠠᠭᠤᠯᠵᠤ᠂ ︽7 ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ︾ ᠪᠣᠯᠤᠨ ︽4 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ | ᠪᠠᠶᠠᠯᠢᠭ᠂ ᠦᠢᠯᠡᠴᠢᠯᠡᠭᠡ᠂ ᠢᠵᠢ ᠪᠦᠷᠢᠳᠦᠭᠰᠡᠨ ᠭᠤᠷᠪᠠᠨ ᠵᠠᠩᠭᠢᠯᠠᠭ᠎ᠠ ᠶᠢᠨ ᠴᠡᠭ ᠢ ᠪᠠᠲᠤ ᠡᠵᠡᠮᠳᠡᠵᠦ᠂ ᠪᠡᠭᠡᠵᠢᠩ | ᠲᠢᠶᠠᠨᠵᠢᠨ ᠾᠧᠪᠸᠢ᠂ ᠬᠠᠷᠠᠮᠦ᠋ᠷᠡᠨ ᠭᠢᠷᠢᠨ ᠯᠢᠶᠣᠣᠨᠢᠩ᠂ ᠵᠡᠭᠦᠨ ᠬᠡᠰᠡᠭ ᠤᠨ ᠲᠠᠯᠠᠢ ᠳᠠᠭᠠᠤ ᠭᠠᠵᠠᠷ ᠣᠷᠣᠨ ᠤ | ᠠᠵᠤ ᠦᠢᠯᠡᠰ ᠢ ᠰᠢᠯᠵᠢᠭᠦᠯᠬᠦ ᠲᠡᠦᠬᠡᠨ ᠠᠵᠠ ᠲᠣᠬᠢᠶᠠᠯ ᠢ ᠴᠢᠩᠭ᠎ᠠ ᠠᠩᠬᠠᠷᠴᠤ᠂ ᠬᠡᠯᠬᠢᠶᠡᠵᠢᠯ ᠶᠢᠨ ᠬᠡᠯᠪᠡᠷᠢ ᠪᠠᠷ | ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠬᠦᠷᠢᠶᠡᠯᠡᠩ ᠲᠣᠭᠤᠷᠢᠭ ᠠᠷᠠᠯᠵᠢᠶᠠᠴᠢᠨ | ᠤᠷᠢᠬᠤ ᠶᠢ ᠢᠳᠡᠪᠬᠢᠲᠡᠢ ᠥᠷᠨᠢᠭᠦᠯᠵᠦ᠂ ᠲᠣᠮᠣ ᠬᠦᠴᠦᠷᠬᠡᠭ ᠢ ᠣᠷᠤᠭᠤᠯᠬᠤ᠂ ᠰᠢᠨ᠎ᠡ ᠰᠢᠯᠢᠳᠡᠭ ᠢ ᠣᠷᠤᠭᠤᠯᠬᠤ | ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠪᠦᠬᠦ ᠵᠢᠯ ᠳᠤ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 15 ᠣᠷᠣᠭᠤᠯᠤᠨ ᠠᠪᠴᠢᠷᠠᠵᠤ᠂ 48 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠪᠣᠳᠠᠲᠠᠶᠢᠵᠢᠭᠤᠯᠬᠤ ᠪᠠᠷ ᠲᠥᠯᠥᠪᠯᠡᠵᠦ ᠪᠠᠶᠢᠨ᠎ᠠ᠃ | ᠥᠨᠳᠥᠷ ᠦᠷ᠎ᠡ ᠠᠰᠢᠭ ᠲᠠᠢ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠢᠶᠠᠷ ᠭᠤᠤᠯ | ᠪᠣᠯᠭᠠᠬᠤ᠂ ᠪᠠᠯᠠ ᠣᠷᠣᠭᠤᠯᠤᠯᠲᠠ ᠪᠠᠷ ᠭᠤᠤᠯ ᠪᠣᠯᠭᠠᠬᠤ ᠶᠢ ᠪᠠᠷᠢᠮᠲᠠᠯᠠᠨ᠂ ᠭᠠᠵᠠᠷ ᠰᠢᠷᠣᠶ᠂ ᠪᠠᠯᠠ ᠮᠥᠩᠭᠦ᠂ ᠢᠵᠢ | ᠪᠥᠷᠢᠳᠦᠭᠦᠯᠬᠦ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ | ᠭᠤᠤᠯᠳᠠᠯᠭ᠎ᠠ ᠲᠠᠢ ᠲᠥᠷᠥᠯ ᠵᠦᠢᠯ ᠳᠤ ᠪᠥᠬᠦ ᠶᠠᠪᠤᠴᠠ ᠶᠢᠨ ︽ᠨᠢᠭᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ | ᠬᠠᠩᠭᠠᠨ᠎ᠠ᠃ ︽ᠨᠢᠭᠡ ᠲᠥᠷᠥᠯ ᠵᠦᠢᠯ ᠨᠢᠭᠡ ᠨᠠᠷᠢᠨ ᠳᠠᠩᠰᠠ︾ ᠶᠢ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠳᠤ | ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠭᠠᠷᠳᠠᠮ ᠭᠦᠢᠴᠡᠳᠬᠡᠬᠦ ᠴᠠᠭ ᠤᠨ ᠬᠢᠵᠠᠭᠠᠷ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ | ᠡᠬᠢᠯᠡᠭᠦᠯᠵᠦ᠂ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ | ᠵᠢᠯ ᠤᠨ ᠳᠣᠲᠣᠷ᠎ᠠ 1000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ 120 ᠲᠥᠷᠥᠯ ᠵᠦᠢᠯ ᠢ | ᠬᠡᠷᠡᠭᠵᠢᠭᠦᠯᠬᠦ ᠪᠠᠷ ᠲᠥᠯᠥᠪᠯᠡᠵᠦ᠂ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ | ᠪᠡᠶᠡᠯᠡᠭᠦᠯᠦᠨ᠎ᠡ᠃ | ︵ᠬᠤᠶᠠᠷ︶ ᠬᠡᠮᠵᠢᠶ᠎ᠡ ᠴᠢᠨᠠᠷ ᠢ ᠵᠡᠷᠭᠡᠪᠡᠷ ᠳᠣᠪᠤᠶᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ | ᠬᠥᠳᠡᠯᠭᠡᠭᠦᠷ ᠢ ᠴᠣᠭᠴᠠᠯᠠᠨ᠎ᠠ | ᠲᠠᠷᠢᠶᠠᠯᠠᠩ ᠤᠨ ︽ᠰᠢᠯᠢᠳᠡᠭ ︾ ᠰᠠᠭᠤᠷᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠪᠠ | ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠦᠷ᠎ᠡ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ 25 ᠲᠦᠮᠡᠨ ᠮᠥ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂ ᠠᠮᠤ ᠪᠤᠳᠠᠭᠠᠨ ᠤ | ᠲᠠᠷᠢᠮᠠᠯ ᠤᠨ ᠳᠠᠷᠢᠬᠤ ᠲᠠᠯᠠᠪᠠᠶ ᠶᠢ 350 ᠲᠦᠮᠡᠨ ᠮᠥ ᠳᠤ ᠲᠣᠭᠲᠠᠪᠤᠷᠢᠵᠢᠭᠤᠯᠤᠨ᠂ ᠤᠨᠠᠯᠲᠠ ᠶᠢ 21 | ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠵᠤ᠂ ᠬᠡᠷ ᠤᠨ ᠲᠡᠵᠢᠭᠡᠪᠦᠷᠢ ᠶᠢᠨ ᠲᠤᠭ᠎ᠠ | 300 ᠲᠦᠮᠡᠨ ᠲᠣᠯᠣᠭᠠᠶ ᠳᠤ ᠬᠦᠷᠭᠡᠵᠦ᠂ 330 ᠲᠦᠮᠡᠨ ᠲᠣᠯᠣᠭᠠᠶ ᠠᠴᠠ ᠳᠡᠭᠡᠭᠰᠢ ᠪᠣᠷᠤᠯᠠᠭᠤᠯᠵᠤ᠂ | ᠥᠨᠳᠡᠭᠡᠨ ᠲᠠᠬᠢᠶ᠎ᠠ ᠶᠢᠨ ᠲᠤᠭ᠎ᠠ ᠲᠣᠯᠣᠭᠠᠢ ᠶᠢ 1000 ᠲᠦᠮᠡ ᠠᠴᠠ ᠳᠡᠭᠡᠭᠰᠢ ᠪᠠᠶᠢᠯᠭᠠᠵᠤ᠂ ᠮᠢᠬ᠎ᠠ ᠵᠢᠭᠦᠷᠲᠡᠨ ᠤ | ᠲᠤᠭ᠎ᠠ ᠬᠡᠮᠵᠢᠶ᠎ᠡ ᠶᠢ 4000 ᠲᠦᠮᠡ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ 2 ᠲᠦᠮᠡᠨ ᠰᠠᠭᠠᠯᠢ ᠶᠢᠨ | ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ | ᠃ ᠨᠠᠷᠢᠮᠤ ᠶᠢᠨ ᠠᠵᠤ ᠦᠢᠯᠡᠰ ᠤᠨ ᠪᠥᠬᠦ ᠬᠡᠯᠬᠢᠶ᠎ᠡ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠠᠤᠬᠠᠨ ᠨᠠᠷᠢᠮᠤ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠬᠦᠴᠦᠷᠬᠡᠭᠵᠢᠭᠦᠯᠦᠨ᠂ ᠪᠣᠬᠢᠷᠲᠤᠯ ᠥᠬᠡᠶ᠂ ᠣᠷᠭᠠᠨᠢᠭ ᠨᠠᠷᠢᠮᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 35 | ᠲᠦᠮᠡᠨ ᠮᠥ ᠳᠤ ᠬᠦᠷᠦᠭᠦᠯᠬᠦ ᠪᠠᠷ ᠴᠢᠷᠮᠠᠶᠢᠵᠤ᠂ ᠨᠠᠷᠢᠮᠤ ᠳᠠᠷᠢᠬᠤ ᠲᠠᠯᠠᠪᠠᠶ ᠶᠢ 100 ᠲᠦᠮᠡᠨ ᠮᠥ ᠠᠴᠠ ᠳᠡᠭᠡᠭᠰᠢ | ᠪᠠᠶᠢᠯᠭᠠᠬᠤ ᠶᠢ ᠦᠨᠡᠨ ᠬᠦ ᠪᠠᠲᠤᠯᠠᠨ᠎ᠠ︔ ᠲᠦᠬᠦᠭᠡᠷᠦᠮᠵᠢᠲᠦ ᠲᠠᠷᠢᠶᠠᠯᠠᠩ ᠤᠨ 2000 ᠮᠥ ᠶᠢ ᠰᠢᠨ᠎ᠡ ᠪᠠᠷ | ᠪᠠᠶᠢᠭᠤᠯᠤᠨ ᠥᠭᠡᠷᠡᠴᠢᠯᠡᠵᠦ᠂ ᠨᠡᠷᠡᠨ ᠤ ᠭᠡᠷᠡᠯ ᠤᠨ ᠬᠦᠯᠡᠮᠵᠢ ᠶᠢᠨ ᠤᠶᠤᠨᠴᠢᠯᠠᠭᠰᠠᠨ ᠬᠢᠷᠢ ᠬᠡᠮᠵᠢᠶ᠎ᠡ ᠶᠢ | 80% ᠠᠴᠠ ᠳᠡᠭᠡᠭᠰᠢ ᠳᠤ ᠬᠦᠷᠦᠭᠦᠯᠦᠨ᠎ᠡ︔ ᠠᠯᠠᠰᠢᠨ ᠦᠬᠡᠷ ᠤᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ | ᠦᠷᠭᠦᠯᠵᠢᠯᠡᠨ ᠬᠥᠭᠵᠢᠭᠦᠯᠵᠦ᠂ ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢ ᠳᠡᠯᠭᠡᠷᠡᠭᠦᠯᠦᠨ᠂ | ᠰᠠᠭᠤᠷᠢ ᠡᠬᠡ ᠮᠠᠯ ᠤᠨ ᠰᠦᠷᠦᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠵᠦ᠂ ᠠᠯᠠᠰᠢᠨ | ᠦᠬᠡᠷ ᠤᠨ ᠲᠤᠭ᠎ᠠ ᠶᠢ 30 ᠲᠦᠮᠡ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ︽ | ᠨᠢᠭᠡ ᠰᠢᠶᠠᠩ ᠨᠢᠭᠡ ᠲᠥᠷᠥ ᠶᠢᠨ ᠪᠣᠳᠣᠯᠭ᠎ᠠ︾ ᠶᠢ ᠪᠠᠷᠢᠮᠲᠠᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ | ᠲᠣᠬᠢᠷᠠᠭᠤᠯᠤᠨ ᠢᠳᠡᠰᠢᠨ ᠨᠣᠭᠤᠭ᠎ᠠ᠂ ᠭᠤᠸ᠎ᠠ ᠵᠢᠮᠢᠰ᠂ ᠢᠳᠡᠰᠢᠨ ᠮᠥᠭᠦ᠂ ᠬᠢᠲᠠᠳ ᠡᠪᠡᠰᠦᠨ ᠡᠮ ᠵᠡᠷᠭᠡ ᠰᠢᠶᠠᠩ | ᠪᠠᠯᠭᠠᠰᠤᠨ ᠤ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠎ᠡ᠃ | ᠠᠵᠤ ᠦᠢᠯᠡᠳᠪᠦᠷᠢ ᠶᠢᠨ ︽ᠨᠡᠮᠡᠭᠳᠡᠯ︾ ᠤᠨ ᠬᠠᠨᠳᠤᠰᠢ ᠶᠢ ᠦᠷᠭᠦᠯᠵᠢᠭᠦᠯᠦᠨᠡ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ︽ᠬᠡᠮᠵᠢᠶ᠎ᠡ ᠶᠡᠭᠡ ᠴᠢᠨᠠᠷ ᠰᠢᠯᠢᠳᠡᠭ︾ ᠳᠤ ᠲᠦᠰᠢᠭᠯᠡᠨ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠦᠩ | ᠤᠣ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ᠂ ᠱᠠ ᠮᠥᠸᠧ ᡁᠢ ᠬᠤᠸᠠ ᠶᠢᠨ ᠬᠤᠶᠠᠳᠤᠭᠠᠷ ᠬᠤᠭᠤᠴᠠᠭ᠎ᠠ | ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠨᠠᠷᠢᠮᠤ᠂ ᠰᠢᠨ᠎ᠡ | ᠰᠣᠷᠭᠤᠭ ᠡᠷᠳᠡᠨᠢ ᠰᠢᠰᠢ ᠵᠡᠷᠭᠡ ᠨᠠᠷᠠᠲᠤ ᠰᠢᠯᠢᠳᠡᠭ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | 77% ᠠᠴᠠ ᠳᠡᠭᠡᠭᠰᠢ ᠳᠤ ᠬᠦᠷᠦᠭᠦᠯᠦᠨ᠎ᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠤ ᠲᠦᠰᠢᠭᠯᠡᠨ᠂ | ᠠᠭᠤᠷᠬᠠᠶ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠭᠤᠷᠬᠠᠶ ᠶᠢᠨ ᠦᠢᠯᠡᠰ ᠤᠨ | ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠢᠶ ᠯᠦᠩ ᠠᠭᠤᠷᠬᠠᠶ ᠶᠢᠨ ᠦᠢᠯᠡᠰ ᠤᠨ ᠵᠢᠯ ᠳᠤ 10 | ᠲᠣᠨ ᠰᠢᠵᠢᠷ ᠠᠯᠲᠠᠨ ᠨᠠᠷᠢᠯᠢᠭ ᠪᠣᠯᠪᠠᠰᠤᠷᠠᠭᠤᠯᠬᠤ᠂ ᠮᠠᠨᠢᠬᠠᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠵᠡᠷᠭᠡ 7 | ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠰᠠᠯᠪᠤᠷᠢ ᠪᠠᠶ | ᠲᠤ ᠶᠢᠩᠽᠢ ᠶᠢᠨ ᠠᠭᠤᠷᠬᠠᠶ ᠶᠢᠨ ᠦᠢᠯᠡᠰ ᠤᠨ ᠬᠠᠶᠢᠯᠤᠰᠢ ᠶᠢᠨ ᠠᠭᠤᠷᠬᠠᠶ᠂ ᠰᠢᠶᠠᠩ ᠶᠤᠸᠠᠨ ᠠᠭᠤᠷᠬᠠᠶ ᠶᠢᠨ | ᠦᠢᠯᠡᠰ ᠤᠨ ᠴᠠᠬᠢᠭᠤᠷ ᠴᠢᠯᠠᠭᠤ ᠮᠠᠯᠲᠠᠵᠤ ᠰᠣᠩᠭᠤᠬᠤ ᠵᠡᠷᠭᠡ 9 ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ | ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠵᠤ᠂ ᠵᠥᠩ ᠢᠦᠶ ᠠᠭᠤᠷᠬᠠᠶ ᠶᠢᠨ ᠦᠢᠯᠡᠰ ᠤᠨ ᠵᠡᠰ | ᠮᠤᠯᠢᠪᠳᠧᠨ ᠤ ᠬᠦᠳᠡᠷ᠂ ᠴᠢᠶᠠᠨ ᠢ ᠠᠭᠤᠷᠬᠠᠶ ᠶᠢᠨ ᠦᠢᠯᠡᠰ ᠤᠨ ᠵᠡᠰ ᠤᠨ ᠠᠭᠤᠷᠬᠠᠶ ᠵᠡᠷᠭᠡ 7 ᠲᠥᠷᠥᠯ | ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ | ᠶᠢᠨ ᠹᠧᠩ ᠠᠭᠤᠷᠬᠠᠶ ᠶᠢᠨ ᠦᠢᠯᠡᠰ ᠤᠨ ᠲᠡᠮᠦᠷ ᠤᠨ ᠠᠭᠤᠷᠬᠠᠶ᠂ ᠹᠠ ᠯᠠᠢ ᠳ᠋ᠢᠶᠠᠨᠽᠢ ᠶᠢᠨ ᠲᠣᠰᠣᠲᠤ ᠵᠠᠨᠠᠷ ᠤᠨ | ᠴᠢᠯᠠᠭᠤᠯᠢᠭ ᠠᠭᠤᠷᠬᠠᠶ ᠵᠡᠷᠭᠡ 8 ᠠᠭᠤᠷᠬᠠᠶ ᠶᠢᠨ ᠦᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠵᠦ ᠠᠮᠢᠳᠤᠯᠢᠭ | ᠪᠣᠯᠭᠠᠬᠤ ᠶᠢ ᠠᠬᠢᠭᠤᠯᠤᠨ᠎ᠠ᠃ ᠥᠩᠭᠡ ᠦᠵᠡᠮᠵᠢ ᠶᠢᠨ ᠡᠬᠢ ᠪᠠᠶᠠᠯᠢᠭ ᠤᠨ ︽ᠣᠯᠠᠨ ᠠᠴᠠ ᠣᠨᠴᠠᠭᠠᠢ ᠪᠠᠶᠢᠬᠤ︾ | ᠳᠤ ᠲᠦᠰᠢᠭᠯᠡᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ | ᠠᠳᠬᠤᠵᠤ᠂ ᠪᠧᠨ ᠶᠤᠸᠠᠨ ᠱᠢ ᠳ᠋ᠠᠢ ᠴᠠᠬᠢᠯᠭᠠᠨ ᠤ ᠲᠣᠣᠷ ᠤᠨ ᠳᠠᠭᠠᠭᠠᠴᠠ ᠪᠠ ᠨᠥᠭᠡᠴᠡ᠂ ᠶᠤᠸᠠᠨ ᠵᠢᠩ | ᠡᠨᠧᠷᠭᠢ ᠲᠡᠭ ᠨᠡᠭᠦᠷᠡᠰᠦᠲᠥ᠋ᠷᠥᠭᠴᠢ ᠪᠠ ᠤᠰᠤᠲᠥ᠋ᠷᠥᠭᠴᠢ ᠶᠢ ᠨᠢᠭᠡ ᠴᠤᠭᠴᠠᠵᠢᠭᠤᠯᠬᠤ ᠵᠡᠷᠭᠡ 6 ᠰᠢᠨ᠎ᠡ | ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ | ᠵᠢᠯ ᠤᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 150 ᠲᠦᠮᠡᠨ | ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠨᠡᠶᠢᠳᠡᠮ ᠬᠡᠷᠡᠭᠯᠡᠬᠦ ᠲᠥᠬᠦᠭᠡᠷᠦᠮᠵᠢ ᠦᠢᠯᠡᠳᠬᠦ ᠬᠡᠰᠡᠭ ᠲᠣᠭᠤᠷᠢᠭ ᠤᠨ ᠰᠠᠭᠤᠷᠢ ᠲᠥᠬᠦᠭᠡᠷᠦᠮᠵᠢ ᠪᠠ | ᠦᠢᠯᠡᠴᠢᠯᠡᠭᠡᠨ ᠤ ᠴᠢᠳᠠᠮᠵᠢ ᠶᠢ ᠵᠡᠷᠭᠡᠪᠡᠷ ᠲᠡᠭᠦᠯᠳᠡᠷᠵᠢᠭᠦᠯᠵᠦ᠂ ᠯᠦᠩ ᠵᠦ ᠴᠢᠳᠬᠤᠮᠠᠯ ᠮᠠᠰᠢᠨ᠂ ᠱᠧᠩ ᠴᠢᠶᠠᠩ | ᠴᠠᠬᠢᠯᠭᠠᠨ ᠬᠤᠭᠤᠯᠠᠢ ᠶᠢᠨ ᠪᠠᠭᠠᠨ᠎ᠠ ᠵᠡᠷᠭᠡ 4 ᠲᠦᠷᠦᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ | ᠣᠷᠤᠭᠤᠯᠬᠤ ᠶᠢ ᠬᠦᠴᠦᠯᠡᠨ ᠠᠬᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠣᠬᠢᠷᠲᠤᠯ ᠦᠭᠡᠢ ᠲᠣᠨᠣᠭᠯᠠᠯ | ᠦᠢᠯᠡᠳᠬᠦ ᠠᠵᠤ ᠦᠢᠯᠡᠰ ᠤᠨ ᠪᠦᠯᠦᠭᠵᠢᠯ ᠢ ᠪᠠᠶᠢᠭᠤᠯᠤᠨ᠎ᠠ᠃ | ᠭᠤᠷᠪᠠᠳᠤᠭᠠᠷ ᠠᠵᠤ ᠦᠢᠯᠡᠰ ᠤᠨ ︽ᠠᠮᠢᠳᠤᠯᠢᠭ︾ ᠬᠥᠳᠡᠯᠭᠡᠬᠦ ᠬᠦᠴᠦᠨ ᠢ ᠲᠠᠯᠪᠢᠨ ᠭᠠᠷᠭᠠᠨ᠎ᠠ᠃ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠲᠠᠪᠴᠠᠩ ᠤᠨ | ᠠᠵᠤ ᠠᠬᠤᠢ᠂ ᠲᠦᠷᠦᠭᠦᠦ ᠳᠡᠯᠭᠡᠭᠦᠷ ᠤᠨ ᠠᠵᠤ ᠠᠬᠤᠢ ᠂ ᠰᠥᠨᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ | ᠤᠯᠠᠨ ᠲᠦᠮᠡᠨ ᠤ ᠤᠯᠠᠨ ᠶᠠᠩᠵᠤ ᠶᠢᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠬᠡᠷᠡᠭᠯᠡᠭᠡᠨ ᠤ ᠵᠠᠬ᠎ᠠ | ᠳᠡᠯᠭᠡᠭᠦᠷ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ ︽ | ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠩᠬᠠᠷᠴᠤ᠂ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠶᠢ 120 ᠲᠠᠯᠠᠪᠤᠷ ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠤᠨ ᠥᠷᠨᠢᠭᠦᠯᠵᠦ᠂ | ᠢᠳᠡᠭᠡᠨ ᠤᠮᠳᠠᠭᠠᠨ ᠬᠤᠨᠣᠵᠤ ᠬᠡᠪᠲᠡᠬᠦ᠂ ᠡᠯᠧᠺᠲᠷᠣᠨ ᠦᠢᠯᠡᠳᠬᠦᠨ᠂ ᠲᠠᠸᠠᠷ ᠤᠨ ᠣᠷᠣᠨ ᠰᠠᠭᠤᠴᠠ᠂ ᠬᠡᠷ ᠤᠨ | ᠴᠠᠬᠢᠯᠭᠠᠨ ᠬᠡᠷᠡᠭᠰᠡᠯ᠂ ᠬᠤᠪᠴᠠᠰᠤ ᠵᠠᠰᠠᠯ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠡᠷᠡᠭᠯᠡᠭᠡᠨ ᠤ ᠳᠠᠯᠳᠠ | ᠬᠦᠴᠦᠨ ᠢ ᠭᠦᠢᠴᠡᠳ ᠪᠠᠳᠠᠷᠠᠭᠤᠯᠤᠨ᠎ᠠ᠃ ᠬᠤᠲᠠ ᠲᠣᠭᠤᠷᠢᠭ ᠤᠨ ᠬᠤᠳᠠᠯᠳᠤᠭᠠᠨ ᠤ ᠴᠢᠳᠠᠮᠵᠢ ᠶᠢᠨ | ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠬᠤᠰᠢᠭᠤᠨ ᠤ ᠬᠤᠳᠠᠯᠳᠤᠭᠠᠨ ᠤ ᠶᠡᠷᠦᠩᠬᠡᠶᠢᠯᠡᠭᠰᠡᠨ | ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠰᠢᠨ ᠰᠢᠶᠠᠩ ᠹᠦ᠋ ᠺᠧ ᠯᠦᠩ᠂ ᠸᠠᠨ ᠴᠢᠶᠠᠩ | ᠬᠤᠳᠠᠯᠳᠤᠭᠠᠨ ᠤ ᠠᠰᠠᠷ ᠵᠡᠷᠭᠡ ᠶᠡᠷᠦᠩᠬᠡᠶᠢᠯᠡᠭᠰᠡᠨ ᠬᠤᠳᠠᠯᠳᠤᠭᠠᠨ ᠤ ᠲᠣᠭᠤᠷᠢᠭ ᠪᠠ ᠾᠦᠢ ᠵᠧᠤ ᠵᠡᠭᠡᠯᠢ᠂ ᠶᠢᠨ | ᠶᠤᠸᠠᠨ ᠵᠡᠭᠡᠯᠢ ᠵᠡᠷᠭᠡ ᠤᠨᠴᠠᠯᠢᠬᠳᠤ ᠵᠡᠭᠡᠯᠢ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠭᠤᠤᠯᠳᠠᠯᠭ᠎ᠠ ᠲᠠᠢ | ᠳᠡᠭᠡᠭᠰᠢᠯᠡᠭᠦᠯᠵᠦ᠂ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠡᠷᠡᠭᠯᠡᠭᠡᠨ ᠤ ᠥᠩᠭᠡᠷᠡᠯᠲᠡ ᠶᠢ ᠦᠷᠭᠦᠯᠵᠢᠯᠡᠨ | ᠰᠠᠶᠢᠵᠢᠷᠠᠭᠤᠯᠵᠤ᠂ ᠬᠤᠳᠠᠯᠳᠤᠭᠠᠨ ᠤ ᠲᠣᠭᠤᠷᠢᠭ ᠢ ᠨᠠᠩ ᠬᠥᠭᠵᠢᠶᠡᠨ ᠲᠠᠢ ᠂ ᠬᠥᠮᠦᠰ ᠤᠨ ᠬᠦᠷᠢᠶᠡᠯᠡᠯ ᠢ ᠨᠠᠩ | ᠴᠤᠭ ᠰᠦᠯᠳᠡ ᠲᠠᠢ᠂ ᠵᠠᠬ᠎ᠠ ᠳᠡᠯᠭᠡᠭᠦᠷ ᠢ ᠨᠠᠩ ᠠᠮᠢᠳᠤᠯᠢᠭ ᠪᠣᠯᠭᠠᠨ᠎ᠠ᠃ ᠪᠠᠷᠠᠭᠠᠨ ᠤ ᠭᠦᠢᠯᠭᠡᠭᠡᠨ ᠤ | ᠲᠥᠪᠯᠡᠷᠡᠭᠦᠯᠦᠨ ᠲᠣᠬᠢᠷᠠᠭᠤᠯᠬᠤ ᠲᠥᠪ ᠤᠨ ᠲᠥᠷᠥᠯ ᠵᠦᠢᠯ ᠢ ᠢᠳᠡᠪᠬᠢᠲᠡᠢ ᠪᠠᠷ ᠰᠦᠪᠡᠭᠴᠢᠯᠡᠵᠦ᠂ ᠲᠥᠷᠥ ᠶᠢᠨ | ᠪᠣᠳᠣᠯᠭ᠎ᠠ ᠶᠢᠨ ᠳᠡᠮᠵᠢᠵᠦ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠂ ᠲᠦᠷᠭᠡᠨ ᠢᠯᠡᠭᠡᠯᠲᠡ ᠶᠢᠨ | ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠤᠨ᠎ᠠ᠃ | ︵ᠭᠤᠷᠪᠠ︶ ᠠᠭᠤᠰᠤᠯᠴᠠᠨ ᠬᠠᠮᠲᠤᠪᠠᠷ ᠤᠷᠤᠭᠰᠢᠯᠠᠬᠤ ᠶᠢ ᠲᠤᠪᠤᠶᠢᠯᠭᠠᠵᠦ᠂ ᠴᠢᠨᠠᠷ ᠰᠠᠶᠢᠲᠠᠢ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠎ᠡ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠬᠤᠲᠠ ᠶᠢᠨ ᠴᠢᠳᠠᠮᠵᠢ ᠶᠢ ᠲᠠᠰ ᠳᠡᠪᠰᠢᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠲᠠ ᠲᠣᠭᠤᠷᠢᠭ ᠤᠨ ᠬᠤᠲᠠ ᠶᠢᠨ | ᠶᠠᠪᠤᠳᠠᠯ ᠤᠨ ᠵᠠᠮ ᠵᠢᠴᠢ ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠰᠢᠤᠸᠠᠢ ᠶᠤᠸᠠᠨ ᠵᠠᠮ᠂ ᠸᠧᠨ ᠬᠤᠸᠠ ᠵᠠᠮ᠂ ᠾᠦᠢ ᠮᠢᠨ ᠵᠠᠮ | ᠵᠡᠷᠭᠡ 3 ᠵᠤᠷᠪᠤᠰ ᠬᠤᠲᠠ ᠲᠣᠭᠤᠷᠢᠭ ᠤᠨ ᠵᠠᠮ ᠤᠨ ᠲᠠᠰᠤᠯᠳᠠᠯ ᠢ ᠰᠠᠭᠠᠳ ᠥᠬᠡᠶ ᠨᠡᠪᠲᠡᠷᠡᠭᠦᠯᠵᠦ᠂ 16 | ᠺᠢᠯᠦᠮᠧᠲᠷ ᠤᠨ ᠭᠠᠳᠠᠷ ᠲᠣᠭᠤᠷᠢᠯ ᠵᠠᠮ ᠢ ᠰᠢᠨᠡᠳᠭᠡᠨ ᠪᠠᠶᠢᠭᠤᠯᠵᠤ᠂ 34 ᠺᠢᠯᠦᠮᠧᠲᠷ ᠤᠰᠤ ᠬᠠᠩᠭᠠᠬᠤ ᠤᠰᠤ | ᠵᠠᠯᠠᠬᠤ ᠭᠠᠵᠠᠷ ᠳᠣᠤᠷᠠᠬᠢ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 26 ᠬᠤᠲᠠ | ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠨ᠎ᠠ᠃ ᠬᠤᠲᠠ ᠶᠢᠨ ᠳᠦᠷᠰᠦ ᠪᠠᠶᠢᠳᠠᠯ᠂ | ᠵᠠᠮ ᠬᠠᠷᠢᠯᠴᠠᠭᠠᠨ ᠤ ᠡᠮᠬᠢ ᠵᠢᠷᠤᠮ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠳᠠᠯ ᠠᠬᠤᠶ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ | ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠠᠭᠤᠷᠢ ᠲᠦᠬᠦᠭᠡᠷᠦᠮᠵᠢ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠦᠨ᠎ᠡ᠃ ᠤᠯᠤᠰ ᠤᠨ ᠵᠠᠮ ᠤᠨ 305 | ᠱᠤᠭᠤᠮ ᠤᠨ ᠳ᠋ᠠ ᠾᠧᠢ ᠱᠠᠨ ᠠᠴᠠ ᠶᠠᠩᠴᠠᠩ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠵᠡᠷᠭᠡ 5 | ᠵᠤᠷᠪᠤᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠹᠧᠩ ᠱᠦᠢ ᠱᠠᠨ ᠤ 66 ᠺᠢᠯᠣᠸᠠᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠡᠷᠭᠡ 5 ᠭᠤᠣᠯᠳᠠᠯᠭ᠎ᠠ ᠲᠠᠢ ᠴᠠᠬᠢᠯᠭᠠᠨ ᠲᠣᠣᠷ ᠤᠨ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ 5 ᠺᠢᠯᠦᠮᠧᠲᠷ ᠤᠨ | ᠵᠠᠮ ᠤᠨ ᠲᠣᠣᠷ ᠢ ᠲᠡᠭᠦᠯᠳᠡᠷᠵᠢᠭᠦᠯᠵᠦ᠂ 5G ᠰᠠᠭᠤᠷᠢ ᠥᠷᠲᠡᠭᠡ ᠶᠢ 50 ᠪᠠᠶᠢᠭᠤᠯᠤᠨ᠎ᠠ᠃ ᠪᠠᠷᠢᠯᠭ᠎ᠠ ᠶᠢᠨ ᠬᠤᠭ | ᠨᠣᠪᠰᠢ ᠪᠤᠯᠠᠬᠤ ᠲᠠᠯᠠᠪᠠᠢ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ | ᠰᠢᠢᠳᠪᠦᠷᠢᠯᠡᠬᠦ ᠲᠠᠯᠠᠪᠠᠢ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠠᠤᠬᠠᠨ | ᠬᠤᠰᠢᠭᠤ ᠠᠴᠠ ᠶᠤᠸᠠᠨ ᠪᠦᠦ ᠱᠠᠨ ᠲᠣᠭᠤᠷᠢᠭ ᠲᠤ ᠬᠦᠷᠬᠦ ᠪᠣᠬᠢᠷᠳᠤᠯ ᠦᠭᠡᠢ ᠤᠰᠤᠲᠥ᠋ᠷᠥᠭᠴᠢ ᠶᠢ ᠳᠠᠮᠵᠢᠭᠤᠯᠤᠨ | ᠬᠦᠷᠭᠡᠬᠦ ᠬᠤᠭᠤᠯᠠᠶ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠨ᠎ᠠ᠃ ᠰᠠᠪᠠ | ᠭᠠᠵᠠᠷ ᠤᠨ ᠪᠥᠬᠦ ᠲᠠᠯ᠎ᠠ ᠶᠢ ᠨᠢᠭᠡᠳᠦᠯᠲᠡᠶ ᠲᠥᠯᠥᠪᠯᠡᠨ᠂ LXB ᠤᠰᠤ ᠲᠠᠲᠠᠬᠤ ᠢᠨᠵᠧᠨᠧᠷᠢᠩ ᠢ ᠦᠷᠭᠦᠯᠵᠢᠯᠡᠨ | ᠠᠬᠢᠭᠤᠯᠵᠤ᠂ ᠯᠣᠤ ᠬᠤ᠋ ᠱᠠᠨ ᠭᠤᠣᠯ ᠵᠡᠷᠭᠡ 7 ᠵᠤᠷᠪᠤᠰ ᠳᠤᠮᠳᠠ ᠪᠠᠭ᠎ᠠ ᠭᠤᠤᠯ ᠮᠥᠷᠡᠨ ᠤ ᠭᠤᠣᠯ ᠤᠨ ᠵᠠᠮ ᠢ | ᠵᠠᠰᠠᠬᠤ ᠶᠢ ᠬᠡᠷᠡᠭᠵᠢᠭᠦᠯᠵᠦ᠂ ᠱᠠᠨ ᠸᠠᠨᠽᠢ ᠤᠰᠤᠨ ᠴᠥᠭᠦᠷᠥᠮ ᠤᠨ ᠨᠡᠪᠴᠢᠵᠦ ᠭᠤᠭᠤᠵᠢᠬᠤ ᠶᠢ ᠰᠢᠢᠳᠪᠦᠷᠢᠯᠡᠬᠦ᠂ | ᠦᠶᠡᠷ ᠲᠠᠲᠠᠷᠠᠭᠤᠯᠬᠤ ᠵᠠᠮ ᠤᠨ ᠰᠡᠭᠦᠯ ᠤᠨ ᠤᠰᠤᠨ ᠤ ᠰᠤᠪᠠᠭ ᠢ ᠰᠡᠯᠪᠢᠨ ᠵᠠᠰᠠᠬᠤ ᠵᠡᠷᠭᠡ ᠲᠥᠷᠥᠯ ᠵᠦᠢᠯ ᠤᠨ | ᠠᠵᠢᠯ ᠡᠬᠢᠯᠡᠭᠦᠯᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠨ᠎ᠡ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠦᠨ ᠥᠷᠭᠡᠳᠬᠡᠨ᠎ᠡ᠃ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠢᠳᠤᠷᠠᠯ ᠢ | ᠴᠢᠨᠡᠭᠡᠯᠢᠭᠵᠢᠭᠦᠯᠬᠦ ᠳᠤ ᠰᠠᠭᠤᠷᠢᠯᠠᠵᠤ᠂ 2.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠠᠰᠢᠭᠯᠠᠵᠤ᠂ ᠭᠡᠷᠡᠯ | ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠦᠷᠳᠡᠭᠡ᠂ ᠬᠦᠷᠢᠶ᠎ᠡ ᠬᠠᠰᠢᠶ᠎ᠠ ᠶᠢᠨ ᠠᠵᠤ ᠠᠬᠤᠢ ᠵᠡᠷᠭᠡ ᠲᠦᠷᠦᠯ | ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠠᠮ ᠢ 60 ᠺᠢᠯᠦᠮᠧᠲᠷ | ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠴᠠᠬᠢᠯᠭᠠᠨ ᠤ ᠲᠣᠤᠷ ᠢ ᠥᠭᠡᠷᠡᠴᠢᠯᠡᠬᠦ ᠲᠠᠩ ᠴᠣᠭᠴᠠᠲᠤ | ᠢᠨᠵᠧᠨᠧᠷᠢᠩ ᠢ 69 ᠬᠡᠷᠡᠭᠵᠢᠭᠦᠯᠵᠦ᠂ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠢ 53 ᠪᠠᠶᠢᠭᠤᠯᠵᠤ | ᠂ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠥᠳᠡᠯᠦᠩᠭᠦᠶ ᠪᠠᠷ ᠠᠬᠢᠭᠤᠯᠵᠤ᠂ ᠪᠥᠬᠦ | ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠨᠢᠭᠡ ᠴᠤᠭᠴᠠᠵᠢᠭᠤᠯᠤᠨ ᠰᠢᠢᠳᠪᠦᠷᠢᠯᠡᠬᠦ ᠰᠢᠰᠲ᠋ᠧᠮ ᠤᠨ | ᠪᠠᠶᠢᠭᠤᠯᠤᠯᠲᠠ ᠶᠢ ᠪᠡᠶᠡᠯᠡᠭᠦᠯᠦᠨ᠎ᠡ᠃ | ︵ᠲᠦᠷᠪᠡ︶ ᠡᠨᠧᠷᠭᠢ ᠣᠯᠭᠤᠵᠤ ᠦᠷ᠎ᠡ ᠠᠰᠢᠭ ᠢ ᠨᠡᠮᠡᠭᠳᠡᠭᠦᠯᠬᠦ ᠶᠢ ᠲᠤᠪᠤᠶᠢᠯᠭᠠᠨ᠂ ᠴᠢᠨᠠᠷ ᠰᠠᠶᠢᠲᠠᠢ | ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ | ᠥᠷᠭᠡᠳᠬᠡᠨ ᠠᠬᠢᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ︽ | ᠭᠤᠷᠪᠠ ᠶᠢ ᠨᠢᠭᠡ ᠴᠤᠭᠴᠠᠵᠢᠭᠤᠯᠬᠤ︾ ᠪᠠᠷ ᠠᠴᠢᠶᠠᠯᠠᠪᠤᠷᠢ ᠪᠣᠯᠭᠠᠵᠤ᠂ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ | ᠬᠥᠳᠡᠭᠡ ᠲᠣᠰᠬᠤᠨ ᠤ ︽ᠴᠢᠰᠤ ᠪᠦᠲᠦᠭᠡᠬᠦ︾ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠤᠨ᠎ᠠ᠃ ᠡᠳ᠋ ᠤᠨ | ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠠ ᠲᠣᠬᠢᠶᠠᠯ ᠢ ᠠᠰᠢᠭᠯᠠᠨ᠂ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠮᠵᠢᠯᠲᠠ | ᠪᠦᠲᠦᠮᠵᠢ ᠶᠢ ᠦᠨᠡᠯᠡᠬᠦ ᠪᠠ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ | ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠤᠯᠠ ᠲᠠᠯᠪᠢᠭᠰᠠᠨ᠂ ᠦᠷ᠎ᠡ ᠠᠰᠢᠭ ᠢᠶᠠᠷ ᠳᠣᠤᠷ᠎ᠠ ᠡᠳ᠋ ᠬᠥᠷᠥᠩᠭᠡ ᠶᠢ | ᠪᠦᠲᠦᠮᠵᠢᠲᠡᠶ ᠠᠮᠢᠳᠤᠯᠢᠭᠵᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠵᠦᠢ ᠵᠣᠬᠢᠰᠲᠠᠶ ᠠᠰᠢᠭᠯᠠᠬᠤ | ᠪᠠ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠯᠦᠩ ᠰᠢᠩ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ | ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠯᠭᠠᠭᠤᠷᠢᠯᠠᠨ ᠳᠠᠭᠠᠭᠤᠯᠬᠤ | ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠭᠦᠨᠵᠡᠭᠡᠶᠢᠷᠡᠭᠦᠯᠦᠨ᠎ᠡ᠃ ᠰᠢᠨᠵᠢᠯᠡᠬᠦ | ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠵᠢᠯᠣᠭᠤᠳᠤᠮᠵᠢ ᠪᠣᠯᠭᠠᠵᠤ᠂ | ᠰᠢᠨ᠎ᠡ ᠬᠡᠯᠪᠡᠷᠢ ᠶᠢᠨ ᠠᠵᠤ ᠦᠢᠯᠡᠳᠪᠦᠷᠢ᠂ ᠰᠤᠷᠭᠠᠨ ᠬᠥᠮᠦᠵᠢᠯ ᠤᠨ ᠬᠥᠭᠵᠢᠯᠲᠡ᠂ ᠴᠢᠳᠠᠪᠤᠷᠢᠲᠠᠨ ᠢ | ᠬᠥᠮᠦᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ ᠤᠯᠤᠰ ᠤᠨ ᠲᠠᠰ ᠤᠨ ᠪᠣᠬᠢᠷᠲᠤᠯ | ᠥᠬᠡᠶ ᠦᠢᠯᠡᠳᠪᠦᠷᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ 4 ᠶᠢ | ᠨᠡᠮᠡᠨ ᠡᠭᠦᠳᠬᠦ ᠪᠠᠷ ᠴᠢᠷᠮᠠᠶᠢᠵᠤ᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ 1᠂ | ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ 1᠂ ᠦᠢᠯᠡᠳᠬᠦᠨ ᠤ ᠥᠷᠲᠡᠭ ᠨᠢ 10 ᠳ᠋ᠦᠩᠰᠢᠭᠤᠷ | ᠲᠥᠭᠦᠷᠢᠭ ᠢ ᠳᠠᠪᠠᠭᠰᠠᠨ ᠴᠢᠨᠠᠷ ᠰᠠᠶᠢᠲᠠᠶ ᠠᠵᠤ ᠦᠢᠯᠡᠳᠪᠦᠷᠢ ᠶᠢᠨ ᠠᠵᠤ ᠠᠬᠤᠶᠢᠯᠠᠯ ᠢ 3 ᠠᠴᠠ ᠳᠡᠭᠡᠭᠰᠢ | ᠪᠤᠶᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠳᠤ ᠬᠦᠷᠴᠦ ᠲᠤᠰᠬᠠᠶ ᠴᠢᠳᠠᠪᠤᠷᠢᠲᠠᠨ ᠤᠷᠢᠬᠤ ᠠᠵᠢᠯᠯᠠᠭ᠎ᠠ ᠶᠢ | ᠥᠷᠨᠢᠭᠦᠯᠵᠦ᠂ ᠪᠥᠬᠦ ᠵᠢᠯ ᠳᠤ 66 ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠪᠠᠷ ᠲᠥᠯᠥᠪᠯᠡᠵᠦ ᠪᠣᠶ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠠᠵᠤ | ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠴᠦ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠭᠡᠬᠦ︾᠂ ︽ᠨᠢᠭᠡ ᠲᠥᠷᠥᠯ ᠤᠨ ᠶᠠᠪᠤᠳᠠᠯ ᠢ ᠨᠢᠭᠡ ᠥᠷᠲᠡᠭᠡᠨ ᠳᠤ ᠭᠦᠢᠴᠡᠳᠭᠡᠬᠦ︾ ᠦᠢᠯᠡᠴᠢᠯᠡᠭᠡ | ᠬᠠᠩᠭᠠᠵᠤ᠂ ᠭᠦᠢᠴᠡᠳᠭᠡᠬᠦ ᠴᠠᠭ ᠤᠨ ᠣᠷᠳᠣ ᠪᠠ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ | ᠪᠦᠲᠦᠮᠵᠢᠲᠡᠶ ᠪᠠᠭᠠᠰᠬᠠᠨ᠎ᠠ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠪᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠰ ᠭᠠᠵᠠᠷ ᠣᠷᠣᠨ ᠤ ᠠᠵᠤ ᠠᠬᠤᠶᠢᠯᠠᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠵᠠᠰᠠᠭ ᠪᠠᠩᠬᠢ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠪᠡᠯᠡ ᠮᠥᠩᠭᠦ ᠶᠢᠨ | ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠵᠢᠯ ᠳᠤ ᠢᠲᠡᠭᠡᠮᠵᠢᠲᠦ ᠵᠢᠭᠡᠯᠡᠯᠭᠡ ᠶᠢ 8 ᠳ᠋ᠦᠩᠰᠢᠭᠤᠷ | ᠲᠥᠭᠦᠷᠢᠭ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠡᠷ᠎ᠡ ᠴᠤᠤᠲᠠᠶ᠂ ᠲᠣᠭᠲᠠᠵᠤ ᠳᠡᠶᠢᠯᠬᠦ | ᠂ ᠤᠯᠠᠮᠵᠢᠯᠠᠵᠤ ᠳᠡᠶᠢᠯᠬᠦ ︽ᠦᠨᠡᠨᠴᠢ ᠢᠲᠡᠭᠡᠮᠵᠢᠲᠡᠶ ᠠᠤᠬᠠᠨ︾ ᠤ ᠨᠠᠷᠠᠲᠤ ᠲᠡᠮᠳᠡᠭᠲᠦ ᠶᠢ ᠢᠳᠡᠪᠬᠢᠲᠡᠶ ᠪᠠᠷ ᠪᠣᠶ | ᠪᠣᠯᠭᠠᠨ᠎ᠠ᠃ | ᠣᠷᠣᠨ ᠪᠦᠰᠡ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠪᠠ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠷᠡᠭᠯᠡᠭᠡ ᠪᠠᠷ ᠬᠠᠪᠰᠤᠷᠤᠨ | ᠲᠡᠳᠬᠦᠬᠦ ᠶᠢ ᠪᠥᠬᠦ ᠲᠠᠯ᠎ᠠ ᠪᠠᠷ ᠵᠣᠯᠭᠠᠭᠤᠯᠵᠤ᠂ ︽ᠤᠯᠠᠭᠠᠨᠬᠠᠳᠠ ᠶᠢᠨ ᠰᠠᠶᠢᠨ ᠪᠣᠳᠠᠰ ᠢ ᠪᠡᠭᠡᠵᠢᠩ ᠳᠤ ᠣᠷᠣᠭᠤᠯᠬᠤ | ︾᠂ ︽ ᠤᠯᠠᠭᠠᠨᠬᠠᠳᠠ ᠶᠢᠨ ᠦᠨᠦᠷ ᠠᠮᠲᠠ︾ ᠵᠡᠷᠭᠡ ᠲᠠᠨᠢᠯᠴᠠᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠪᠥᠬᠦ | ᠵᠢᠯ ᠳᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ 18.2 ᠳ᠋ᠦᠩᠰᠢᠭᠤᠷ ᠲᠥᠭᠦᠷᠢᠭ ᠠᠴᠠ | ᠳᠡᠭᠡᠭᠰᠢ ᠪᠣᠷᠣᠯᠠᠭᠤᠯᠬᠤ ᠪᠠᠷ ᠴᠢᠷᠮᠠᠶᠢᠨ᠎ᠠ᠃ ᠣᠶᠢᠷ᠎ᠠ ᠶᠢᠨ ᠭᠠᠷᠠᠮ ᠤᠨ ᠣᠷᠣᠨ ᠪᠠᠶᠢᠷᠢ ᠶᠢᠨ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠵᠢᠨᠵᠸᠤ ᠭᠠᠷᠠᠮ᠂ ᠰᠢᠩ ᠴᠧᠩ ᠭᠠᠷᠠᠮ ᠲᠠᠢ ᠭᠦᠨᠵᠡᠭᠡᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠡᠬᠡ ᠬᠠᠭᠤᠷᠠᠢ ᠪᠠ ᠭᠠᠷᠠᠮ ᠤᠨ ᠠᠵᠤ ᠠᠬᠤᠢ ᠶᠢᠨ ᠪᠠᠶᠢᠳᠠᠯ ᠢ ᠢᠳᠡᠪᠬᠢᠲᠡᠢ ᠬᠦᠭᠵᠢᠭᠦᠯᠦᠨ᠎ᠡ᠃ | ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠠᠰᠢᠭᠯᠠᠵᠤ᠂ ᠲᠤᠰ | ᠭᠠᠵᠠᠷ ᠤᠨ ᠲᠠᠸᠠᠷ ᠤᠨ ᠭᠠᠳᠠᠭᠠᠳᠤ ᠳᠤ ᠭᠠᠷᠭᠠᠬᠤ ᠴᠢᠳᠠᠪᠤᠷᠢ᠂ ᠬᠢᠯᠢ ᠶᠢᠨ ᠭᠠᠳᠠᠨᠠᠬᠢ ᠦᠢᠯᠡᠳᠬᠦᠨ ᠤ | ᠭᠠᠳᠠᠭᠠᠳᠤ ᠠᠴᠠ ᠣᠷᠣᠭᠤᠯᠬᠤ ᠬᠡᠪᠴᠢᠶ᠎ᠡ ᠶᠢ ᠳᠡᠭᠡᠭᠰᠢᠯᠡᠭᠦᠯᠵᠦ᠂ ᠪᠦᠬᠦ ᠵᠢᠯ ᠤᠨ ᠭᠠᠳᠠᠭᠠᠳᠤ ᠠᠷᠠᠯᠵᠢᠶᠠᠨ ᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ ᠶᠢ 15% ᠣᠷᠴᠢᠮ ᠨᠡᠮᠡᠭᠳᠡᠭᠦᠯᠵᠦ᠂ | ᠭᠠᠳᠠᠭᠠᠳᠤ ᠪᠡᠯᠡ ᠶᠢ 2400 ᠲᠦᠮᠡᠨ ᠲᠥᠭᠦᠷᠢᠭ ᠠᠴᠠ ᠳᠡᠭᠡᠭᠰᠢ ᠣᠷᠣᠭᠤᠯᠤᠨ ᠠᠪᠴᠢᠷᠠᠨ᠎ᠠ᠃ | ︵ᠲᠠᠪᠤ︶ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠬᠤ ᠶᠢ ᠳᠣᠪᠤᠶᠢᠯᠭᠠᠵᠤ᠂ ᠴᠢᠨᠠᠷ ᠰᠠᠶᠢᠲᠠᠶ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠶᠣᠰᠣ | ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠲᠤᠬᠢᠷᠠᠭᠤᠯᠤᠯᠳᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ ᠬᠥᠭᠵᠢᠯᠲᠡ ᠶᠢ ᠠᠬᠢᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠰᠢᠯᠢᠳᠡᠭᠵᠢᠭᠦᠯᠵᠦ᠂ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠢᠰᠲ᠋ᠧᠮ ᠢ ᠪᠠᠶᠢᠭᠤᠯᠤᠨ᠎ᠠ᠃ ︽ᠬᠤᠶᠠᠷ ᠢ ᠪᠠᠭᠠᠰᠬᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠨ ᠰᠠᠶᠢᠵᠢᠷᠠᠭᠤᠯᠵᠤ᠂ ᠪᠠᠭᠰᠢ ᠰᠤᠷᠤᠭᠴᠢᠳ ᠤᠨ ᠶᠣᠰᠣ | ᠰᠤᠷᠲᠠᠬᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠢ ᠭᠦᠨᠵᠡᠭᠡᠶ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠡᠮ ᠡᠮᠨᠡᠯᠭᠡ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠶ ᠡᠮ ᠡᠮᠨᠡᠯᠭᠡ ᠶᠢᠨ ᠡᠬᠢ ᠪᠠᠶᠠᠯᠢᠭ ᠤᠨ | ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠵᠤ᠂ ᠰᠢᠶᠠᠩ ᠪᠠᠯᠭᠠᠰᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠣᠯᠠᠨ ᠲᠦᠮᠡᠨ ᠢ ︽ᠡᠮᠴᠢᠯᠡᠭᠦᠯᠬᠦ︾ ᠳᠤ ᠨᠡᠩ ᠳᠦᠭᠦᠮ ᠪᠣᠯᠭᠠᠨ᠎ᠠ᠃ ᠲᠤᠰᠬᠠᠶ ᠡᠮᠨᠡᠯᠭᠡ ᠶᠢᠨ ᠪᠠᠶᠢᠭᠤᠯᠤᠯᠲᠠ ᠶᠢ | ᠭᠤᠤᠯᠳᠠᠯᠭ᠎ᠠ ᠲᠠᠢ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠬᠤ ᠪᠠ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ | ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ | ᠥᠷᠨᠢᠭᠦᠯᠵᠦ᠂ ᠪᠦᠬᠦ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ | ᠃ | ᠳᠣᠭᠲᠠᠭᠤᠨ ᠢ ᠠᠬᠢᠭᠤᠯᠵᠤ ᠪᠦᠷᠢᠨ ᠭᠦᠢᠴᠡᠳ ᠠᠵᠢᠯ ᠣᠯᠭᠤᠨ᠎ᠠ᠃ ᠠᠵᠢᠯ ᠣᠯᠭᠤᠵᠤ ᠠᠳᠠᠯ ᠦᠢᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠵᠡᠷᠭᠡ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠵᠢᠯ ᠤᠨ | ᠳᠣᠲᠣᠷ᠎ᠠ ᠬᠤᠲᠠ ᠪᠠᠯᠭᠠᠰᠤᠨ ᠳᠤ 1000 ᠬᠥᠮᠦᠨ ᠳᠤ ᠰᠢᠨ᠎ᠡ ᠪᠠᠷ ᠠᠵᠢᠯ ᠣᠯᠭᠤᠬᠤ᠂ 8 ᠲᠦᠮᠡᠨ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ 800 | ᠬᠥᠮᠦᠨ ᠠᠴᠠ ᠳᠡᠭᠡᠭᠰᠢ ᠠᠵᠢᠯ ᠣᠯᠭᠤᠬᠤ ᠪᠠᠷ ᠲᠥᠯᠥᠪᠯᠡᠵᠦ᠂ ᠠᠵᠢᠯ ᠣᠯᠤᠭᠰᠠᠨ ᠬᠥᠮᠦᠨ ᠥᠬᠡᠶ ᠬᠡᠷ ᠪᠦᠯᠢ ᠶᠢ | ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠠ᠃ ᠣᠯᠠᠨ ᠠᠷᠭ᠎ᠠ ᠵᠠᠮ ᠢᠶᠠᠷ ᠠᠵᠢᠯ ᠣᠯᠭᠤᠵᠤ ᠠᠳᠠᠯ | ᠦᠢᠯᠡᠰ ᠴᠣᠭᠴᠠᠯᠠᠬᠤ ᠳᠤ ᠬᠦᠴᠦᠨ ᠨᠡᠮᠡᠷᠢᠯᠡᠵᠦ᠂ ᠵᠢᠯ ᠤᠨ ᠳᠣᠲᠣᠷ᠎ᠠ ᠲᠣᠮᠣ ᠬᠡᠯᠪᠡᠷᠢ ᠶᠢᠨ ᠠᠵᠢᠯᠲᠠᠨ ᠡᠯᠰᠡᠬᠦ | ᠴᠤᠭᠯᠠᠭᠠᠨ ᠢ 2 ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠤᠷ᠎ᠠ ᠴᠢᠳᠠᠪᠤᠷᠢ ᠶᠢᠨ | ᠪᠣᠯᠪᠠᠰᠤᠷᠠᠯ ᠢ 600 ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ ᠴᠠᠯᠢᠩ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠥᠳᠡᠯᠮᠦᠷᠢᠴᠢᠳ ᠤᠨ | ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠨ᠎ᠠ᠃ | ᠨᠡᠶᠢᠭᠡᠮ ᠤᠨ ᠪᠠᠲᠤᠯᠠᠪᠤᠷᠢ ᠶᠢᠨ ᠴᠢᠳᠠᠪᠤᠷᠢ ᠶᠢ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠲᠣᠭᠲᠠᠭᠤᠨ ᠢᠶᠠᠷ ᠥᠷᠭᠡᠳᠬᠡᠨ᠎ᠡ᠃ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ ᠶᠢ | ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠪᠰᠢᠵᠢᠭᠦᠯᠦᠭᠰᠡᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠪᠠ | ᠬᠡᠪᠰᠢᠵᠢᠭᠦᠯᠦᠭᠰᠡᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠷᠠᠭᠤᠯᠵᠤ᠂ ᠨᠡᠶᠢᠭᠡᠮ ᠤᠨ ᠠᠪᠤᠷᠠᠨ | ᠲᠤᠰᠠᠯᠠᠬᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠠᠰᠤᠲᠠᠨ ᠳᠤ ᠦᠢᠯᠡᠴᠢᠯᠡᠬᠦ ︽ | ᠷᠠᠳᠢᠦ᠋ᠰ︾ ᠢ ᠲᠠᠰᠤᠷᠠᠯᠲᠠ ᠥᠬᠡᠶ ᠥᠷᠭᠡᠳᠬᠡᠵᠦ᠂ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ | ᠦᠢᠯᠡᠴᠢᠯᠡᠭᠡᠨ ᠤ ᠲᠥᠪ 1᠂ ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ 37 ᠶᠢ | ᠪᠠᠶᠢᠭᠤᠯᠵᠤ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠵᠣᠯ ᠵᠢᠷᠭᠠᠯ ᠤᠨ ᠬᠦᠷᠢᠶᠡᠯᠡᠩ 3 ᠶᠢ ᠥᠭᠡᠷᠡᠴᠢᠯᠡᠨ | ᠰᠠᠶᠢᠵᠢᠷᠠᠭᠤᠯᠤᠨ᠎ᠠ᠃ ︽ᠨᠢᠭᠡ ᠪᠠᠭ᠎ᠠ︾ ᠬᠠᠮᠲᠤᠯᠢᠭ ᠤᠨ ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢ | ᠨᠢᠭᠲᠠ ᠠᠩᠬᠠᠷᠴᠤ᠂ ︽ᠥᠨᠥᠴᠢᠨ ᠬᠡᠦᠬᠡᠳ ᠢ ᠲᠤᠰᠠᠯᠠᠬᠤ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ | ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠣᠨᠣᠪᠴᠢᠲᠠᠶ ᠪᠦᠲᠦᠮᠵᠢᠲᠡᠶ | ᠬᠠᠮᠠᠭᠠᠯᠠᠨ᠎ᠠ᠃ ᠠᠵᠢᠯ ᠠᠴᠠ ᠪᠠᠨ ᠠᠮᠠᠷᠠᠬᠤ ᠨᠠᠰᠤ ᠶᠢ ᠢᠳᠡᠭ ᠢᠳᠡᠭ ᠢᠶᠠᠷ ᠬᠤᠶᠢᠰᠢᠯᠠᠭᠤᠯᠬᠤ ᠤᠯᠤᠰ ᠤᠨ | ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠬᠦ ᠶᠢ ᠠᠬᠢᠭᠤᠯᠤᠨ᠎ᠠ᠃ | ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠰᠢᠨ᠎ᠡ ᠴᠠᠭ ᠦᠶ᠎ᠡ ᠶᠢᠨ | ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠴᠢᠭᠯᠡᠯᠲᠡ ᠶᠢ ᠣᠨᠣᠪᠴᠢᠲᠠᠶ ᠡᠵᠡᠮᠳᠡᠬᠦ ᠪᠠ ᠬᠢᠨᠠᠮᠠᠭᠠᠶ | ᠨᠠᠶᠢᠳᠠᠪᠤᠷᠢᠵᠢᠭᠤᠯᠵᠤ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ | ᠨᠡᠶᠢᠳᠡᠮ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ | ᠵᠦᠢᠯᠡᠰ ᠢ ᠠᠮᠢᠳᠤᠯᠢᠭ ᠪᠣᠯᠭᠠᠨ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠶᠤᠸᠠᠨ ᠪᠦᠦ ᠱᠠᠨ ᠤ ᠲᠤᠨᠤᠮᠠᠯ | ᠴᠢᠯᠠᠭᠤᠨ ᠪᠤᠯᠠᠰᠢ ᠵᠢᠴᠢ ᠦ᠋ ᠠᠨ ᠵᠧᠦ ᠬᠤᠳᠠ ᠶᠢᠨ ᠪᠠᠭᠤᠷᠢ ᠵᠡᠷᠭᠡ ᠪᠠᠭᠤᠷᠢ ᠶᠢᠨ ᠬᠠᠭᠤᠴᠢ ᠰᠤᠳᠤᠯᠤᠯ ᠢᠶᠠᠷ | ᠢᠯᠡᠷᠡᠭᠦᠯᠦᠭᠰᠡᠨ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠵᠦ᠂ ᠥᠪᠡᠷᠮᠢᠴᠡ ᠣᠨᠴᠠᠯᠢᠭ ᠲᠠᠢ ︽ᠪᠠᠯᠠᠷ | ᠡᠷᠲᠡᠨ ᠤ ᠰᠣᠶᠣᠯ ᠤᠨ ᠲᠤᠮᠤ ᠬᠤᠰᠢᠭᠤ︾ ᠶᠢ ᠪᠠᠶᠢᠭᠤᠯᠤᠨ᠎ᠠ᠃ ᠵᠤᠨ ᠤ ᠤᠯᠠᠷᠢᠯ ᠤᠨ ᠳᠠᠭᠤᠤ ᠬᠥᠭᠵᠢᠮ ᠤᠨ | ᠨᠠᠶᠢᠷ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 50 ᠲᠠᠯᠠᠪᠤᠷ ᠤᠳᠠᠭ᠎ᠠ ᠵᠣᠬᠢᠶᠠᠨ | ᠪᠠᠶᠢᠭᠤᠯᠵᠤ᠂ ᠵᠢᠵᠢᠭ ᠬᠦᠷᠳᠦᠲᠦ ᠲᠡᠷᠭᠡ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠷᠢᠰ ᠠᠵᠢᠯᠯᠠᠭ᠎ᠠ ᠶᠢ | 30 ᠲᠠᠯᠠᠪᠤᠷ ᠤᠳᠠᠭ᠎ᠠ ᠡᠷᠬᠢᠯᠡᠵᠦ᠂ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ᠴᠢᠨᠠᠷ ᠰᠠᠶᠢᠲᠠᠢ ᠠᠮᠢ ᠠᠬᠤᠢ ᠶᠢᠨ ᠡᠬᠢ ᠪᠠᠶᠠᠯᠢᠭ᠂ ᠭᠦᠨ ᠵᠤᠵᠠᠭᠠᠨ ᠲᠠᠷᠢᠶᠠᠯᠠᠬᠤ ᠰᠣᠶᠣᠯ | ᠪᠠ ᠪᠠᠯᠠᠷ ᠡᠷᠲᠡᠨ ᠤ ᠰᠣᠶᠣᠯ ᠤᠨ ᠰᠠᠭᠤᠷᠢ ᠳᠤ ᠲᠦᠰᠢᠭᠯᠡᠨ᠂ ᠠᠮᠢ ᠠᠬᠤᠢ ᠶᠢᠨ ᠵᠢᠭᠤᠯᠴᠢᠯᠠᠯ᠂ ᠬᠥᠳᠡᠭᠡ | ᠲᠣᠰᠬᠤᠨ ᠤ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ ᠢ ᠢᠳᠡᠪᠬᠢᠲᠡᠶ ᠪᠠᠷ ᠬᠥᠭᠵᠢᠭᠦᠯᠦᠨ᠎ᠡ᠃ | ︵ᠵᠢᠷᠭᠤᠭ᠎ᠠ︶ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠳᠣᠪᠤᠶᠢᠯᠭᠠᠵᠤ᠂ ᠴᠢᠨᠠᠷ ᠰᠠᠶᠢᠲᠠᠶ | ᠬᠥᠭᠵᠢᠯᠲᠡ ᠶᠢᠨ ᠰᠠᠭᠤᠷᠢ ᠥᠩᠭᠡ ᠶᠢ ᠭᠡᠷᠡᠯᠲᠦᠭᠦᠯᠦᠨ᠎ᠡ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ | ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠵᠤ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 93% ᠠᠴᠠ ᠳᠡᠭᠡᠭᠰᠢ ᠳᠤ | ᠬᠦᠷᠦᠭᠦᠯᠦᠨ᠎ᠡ᠃ ︽ᠬᠥᠮᠦᠨ ᠤᠰᠤ ᠡᠶ᠎ᠡ ᠵᠣᠬᠢᠴᠠᠩᠭᠤᠢ︾ ᠶᠢ ᠳᠤᠪᠤᠶᠢᠯᠭᠠᠵᠤ᠂ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ︽ᠭᠤᠷᠪᠠᠨ ᠤᠰᠤ ᠶᠢ ᠨᠢᠭᠡᠳᠦᠯᠲᠡᠢ ᠲᠥᠯᠥᠪᠵᠢᠭᠦᠯᠬᠦ︾ | ᠶᠢ ᠪᠠᠷᠢᠮᠲᠠᠯᠠᠵᠤ᠂ ᠭᠠᠵᠠᠷ ᠳᠡᠭᠡᠷᠡᠬᠢ ᠤᠰᠤᠨ ᠤ ᠰᠢᠯᠢᠳᠡᠭ ᠤᠰᠤᠨ ᠤ ᠬᠠᠷᠢᠴᠠᠯ ᠢ ᠲᠣᠭᠲᠠᠭᠤᠨ ᠢᠶᠠᠷ | ᠳᠡᠭᠡᠭᠰᠢᠯᠡᠭᠦᠯᠵᠦ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ | ᠬᠦᠷᠭᠡᠬᠦ ᠶᠢ ᠪᠠᠲᠤᠯᠠᠨ᠎ᠠ᠃ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠮᠠᠯ ᠵᠢᠭᠦᠷᠲᠡᠨ ᠤ ᠪᠠᠭᠠᠰᠤᠨ | ᠪᠣᠬᠢᠷᠲᠤᠯ ᠢ ᠡᠬᠢ ᠪᠠᠶᠠᠯᠢᠭᠵᠢᠭᠤᠯᠤᠨ ᠵᠦᠶ ᠵᠣᠬᠢᠰᠲᠠᠶ ᠠᠰᠢᠭᠯᠠᠬᠤ ᠶᠢ ᠴᠢᠩᠭᠠᠳᠬᠠᠵᠤ᠂ ᠠᠮᠢ ᠠᠬᠤᠶ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠤᠯᠤᠰ ᠤᠨ ᠠᠮᠢ | ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ | ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ᠃ | ᠠᠮᠢ ᠠᠬᠤᠢ ᠶᠢᠨ ᠰᠡᠷᠭᠦᠭᠡᠯᠲᠡ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ | ᠬᠤᠷᠴᠢᠨ ᠤ ᠡᠯᠡᠰᠦ ᠶᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢ | ᠬᠡᠷᠡᠭᠵᠢᠭᠦᠯᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ 8. | 19 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ | ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠠᠲᠠᠷ ᠭᠠᠵᠠᠷ ᠢ | ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ8.93 ᠲᠦᠮᠡᠨ ᠮᠦ ᠬᠡᠷᠡᠭᠵᠢᠭᠦᠯᠦᠨ᠎ᠡ᠃ ᠤᠢ | ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ | ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠪᠠᠷ ᠢᠶᠠᠨ︾ ᠪᠠᠶᠢᠬᠤ ᠶᠢ ᠴᠡᠪᠡᠷᠯᠡᠨ | ᠵᠠᠰᠠᠬᠤ ᠠᠵᠢᠯᠯᠠᠭ᠎ᠠ ᠶᠢ ᠥᠷᠨᠢᠭᠦᠯᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ᠃ | ᠳᠣᠣᠷ᠎ᠠ ᠨᠡᠭᠦᠷᠡᠰᠦᠲᠥ᠋ᠷᠥᠭᠴᠢ ᠶᠢᠨ ᠬᠥᠭᠵᠢᠯᠲᠡ ᠶᠢᠨ ᠤᠳᠠᠭᠠᠨ ᠳᠠᠭᠠᠭᠠᠮᠠᠭᠠᠢ ᠳᠠᠶᠢᠨ ᠢ ᠡᠷᠡᠰ ᠰᠠᠢᠲᠤᠷ ᠬᠢᠨ᠎ᠡ | ᠃ ᠤᠯᠠᠮᠵᠢᠯᠠᠯᠲᠤ ᠠᠵᠤ ᠦᠢᠯᠡᠰ᠂ ᠥᠨᠳᠥᠷ ᠳᠠᠭᠠᠭᠠᠴᠠ ᠲᠠᠢ ᠡᠨᠧᠷᠭᠢ ᠶᠢᠨ ᠲᠦᠷᠦᠯ ᠵᠦᠢᠯ ᠤᠨ ᠡᠨᠧᠷᠭᠢ | ᠠᠷᠪᠢᠯᠠᠬᠤ ᠥᠭᠡᠷᠡᠴᠢᠯᠡᠯᠲᠡ᠂ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠪᠦᠬᠦ ᠬᠦᠴᠦᠨ ᠢᠶᠠᠷ ᠢᠶᠠᠨ | ᠳᠡᠮᠵᠢᠵᠦ᠂ ᠪᠦᠦ ᠲᠠ ᠴᠢᠯᠠᠭᠤᠨ ᠲᠤᠰᠤᠨ ᠤ ᠵᠠᠨᠠᠷ ᠤᠨ ᠴᠢᠯᠠᠭᠤᠯᠢᠭ ᠤᠨ ᠬᠠᠭᠤᠷᠠᠢ ᠪᠠᠷ ᠨᠡᠷᠡᠬᠦ ᠰᠢᠰᠲ᠋ᠧᠮ ᠵᠡᠷᠭᠡ | ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠠᠵᠤ | ᠠᠬᠤᠶᠢᠯᠠᠯ ᠤᠨ ᠡᠨᠧᠷᠭᠢ ᠶᠢᠨ ᠦᠷ᠎ᠡ ᠠᠰᠢᠭ ᠤᠨ ᠲᠦᠪᠰᠢᠨ ᠢ ᠳᠡᠭᠡᠭᠰᠢᠯᠡᠭᠦᠯᠦᠨ᠎ᠡ᠃ ︽ᠤᠰᠤ ᠪᠠᠷ ᠤᠨᠠᠯᠲᠠ ᠶᠢ | ᠲᠣᠭᠲᠠᠭᠠᠬᠤ᠂ ᠤᠰᠤᠨ ᠤ ᠬᠡᠮᠵᠢᠶ᠎ᠡ ᠪᠠᠷ ᠶᠠᠪᠤᠭᠳᠠᠭᠤᠯᠬᠤ︾ ᠶᠢ ᠪᠠᠷᠢᠮᠲᠠᠯᠠᠵᠤ᠂ ᠤᠰᠤ ᠠᠷᠪᠢᠯᠠᠬᠤ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠦᠨ᠎ᠡ᠃ ᠴᠢᠴᠠᠷᠭᠠᠨ᠎ᠠ᠂ ᠰᠡᠩᠳᠡᠩ ᠮᠣᠳᠤᠨ ᠵᠢᠮᠢᠰ ᠪᠣᠯᠣᠨ ᠠᠵᠤ ᠠᠬᠤᠢ ᠶᠢᠨ ᠣᠢ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠣᠢ ᠰᠢᠭᠤᠢ ᠶᠢᠨ ᠪᠣᠬᠢᠷᠳᠤᠯ | ᠦᠭᠡᠢ ᠢᠳᠡᠭᠡᠨ ᠢ ᠵᠢᠯ ᠳᠤ 3.5 ᠲᠦᠮᠡᠨ ᠲᠣᠨ ᠳᠤ ᠬᠦᠷᠦᠭᠦᠯᠦᠨ᠎ᠡ᠃ ᠲᠤᠬᠠᠶ ᠶᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ ᠶᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠤ᠂ ︽ ᠭᠤᠷᠪᠠ ᠶᠢ ᠨᠢᠭᠡ ᠴᠣᠭᠴᠠᠵᠢᠭᠤᠯᠬᠤ︾ ᠶᠢ ᠴᠢᠷᠮᠠᠶᠢᠨ ᠪᠡᠶᠡᠯᠡᠭᠦᠯᠦᠨ᠎ᠡ᠃ | ︵ᠲᠤᠯᠤᠭ᠎ᠠ︶ ᠦᠷ᠎ᠡ ᠪᠦᠲᠦᠮᠵᠢ ᠶᠢᠨ ᠵᠠᠰᠠᠯᠲᠠ ᠶᠢ ᠳᠣᠪᠤᠶᠢᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ | ᠬᠤᠷᠢᠭ᠎ᠠ ᠱᠤᠭᠤᠮ ᠢ ᠪᠠᠲᠤ ᠰᠠᠬᠢᠨ᠎ᠠ | ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃ ᠠᠶᠤᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ | ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ︽ᠭᠤᠷᠪᠠ ᠶᠢ | ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ | ᠵᠦᠢᠯᠡᠰ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠠᠮ ᠬᠠᠷᠢᠯᠴᠠᠭ᠎ᠠ᠂ ᠨᠡᠭᠦᠷᠡᠰᠦᠨ ᠤ ᠪᠤᠰᠤ | ᠠᠭᠤᠷᠬᠠᠶ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ ᠪᠠ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ | ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠨ᠎ᠠ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠪᠠ ᠦᠨᠳᠦᠰᠦᠨ ᠱᠠᠲᠤᠨ ᠤ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠣᠪᠤᠶᠢᠯᠭᠠᠨ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠡᠭᠦᠰᠬᠦ ᠣᠯᠠᠨ | ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | | ᠨᠡᠶᠢᠭᠡᠮ ᠤᠨ ᠵᠠᠰᠠᠯᠲᠠ ᠶᠢᠨ ᠲᠣᠣᠷ ᠰᠦᠯᠵᠢᠶ᠎ᠡ ᠶᠢ ᠨᠢᠭᠲᠠ ᠰᠦᠯᠵᠢᠨ᠎ᠡ᠃ ᠨᠡᠶᠢᠭᠡᠮ ᠤᠨ ᠠᠮᠤᠷ ᠲᠦᠪᠰᠢᠨ ᠤ | ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠲᠦᠷᠭᠡᠨ ᠳᠠᠭᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ | ᠪᠠᠶᠢᠭᠤᠯᠤᠨ᠎ᠠ᠃ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠱᠠᠯᠢᠭ ᠵᠠᠪᠬᠠᠶ ᠵᠦᠢᠯ ᠵᠣᠭᠤᠰ ᠨᠠᠭᠠᠳᠬᠤ | ᠬᠤᠤᠷᠲᠤ ᠡᠳ᠋ ᠫᠠᠨᠽᠠᠯᠠᠬᠤ︾᠂ ︽ᠣᠷᠴᠢᠨ ᠲᠣᠭᠤᠷᠢᠨ ᠢᠳᠡᠭᠡᠨ ᠡᠮ︾ ᠵᠢᠴᠢ ᠴᠠᠬᠢᠯᠭᠠᠨ ᠬᠤᠯᠪᠣᠭ᠎ᠠ | ᠰᠦᠯᠵᠢᠶ᠎ᠡ ᠪᠠᠷ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ | ᠥᠷᠨᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠦᠷᠭᠦᠯᠵᠢᠯᠡᠨ ᠠᠬᠢᠭᠤᠯᠵᠤ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠭᠦᠨᠵᠡᠭᠡᠢ ᠥᠷᠨᠢᠭᠦᠯᠵᠦ᠂ ᠤᠯᠠᠨ ᠲᠦᠮᠡᠨ ᠤ | ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠴᠤᠬᠤᠶᠢᠯᠲᠠ ᠶᠢᠨ ᠴᠢᠨᠠᠷᠲᠠᠢ᠂ | ᠬᠡᠯᠪᠡᠷᠢᠯ ᠤᠨ ᠴᠢᠨᠠᠷᠲᠠᠢ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠵᠥᠷᠢᠴᠡᠯ ᠤᠨ ᠠᠶᠤᠯ ᠲᠦᠭᠰᠢᠭᠦᠷᠢ ᠶᠢ | ᠪᠠᠭ᠎ᠠ ᠠᠴᠠ ᠠᠷᠢᠯᠭᠠᠵᠤ᠂ ᠡᠷᠲᠡ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠪᠡᠯᠡ | ᠣᠷᠣᠭᠤᠯᠬᠤ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠥᠷᠢ ᠥᠭᠴᠡᠭᠡ ᠶᠢᠨ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠥᠷᠢ ᠥᠭᠴᠡᠭᠡ ᠶᠢᠨ ᠲᠦᠭᠰᠢᠭᠦᠷᠢ ᠡᠭᠦᠰᠬᠦ ᠶᠢ ᠴᠢᠩᠭ᠎ᠠ | ᠰᠡᠷᠭᠡᠶᠢᠯᠡᠨ᠎ᠡ᠃ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠣᠭᠲᠠᠭᠤᠨ ᠳᠤ ᠬᠤᠯᠪᠣᠭᠳᠠᠭᠰᠠᠨ ᠲᠦᠭᠰᠢᠭᠦᠷᠢ ᠶᠢ | ᠤᠷᠢᠳᠴᠢᠯᠠᠨ ᠮᠠᠭᠠᠳᠯᠠᠵᠤ ᠤᠷᠢᠳᠴᠢᠯᠠᠨ ᠰᠡᠷᠡᠮᠵᠢᠯᠡᠭᠦᠯᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠮᠲᠤᠷᠠᠨ | ᠨᠠᠮᠳᠠᠭᠤᠯᠵᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠰᠲ᠋ᠧᠮ ᠤᠨ ᠴᠢᠨᠠᠷᠲᠠᠶ᠂ ᠣᠷᠣᠨ ᠪᠦᠰᠡ ᠶᠢᠨ | ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠶᠢ ᠰᠡᠷᠭᠡᠶᠢᠯᠡᠨ᠎ᠡ᠃ ᠭᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ | ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠳᠠᠯᠠᠵᠤ᠂ ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠲᠦᠯᠬᠢᠨ | ᠠᠬᠢᠭᠤᠯᠤᠨ᠎ᠠ᠃ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ | ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠨ᠎ᠡ᠃ | ᠦᠨᠳᠦᠰᠦᠲᠡᠨ ᠤ ᠪᠦᠯᠬᠦᠮᠳᠡᠯ ᠢ ᠡᠷᠡᠰ ᠬᠠᠮᠠᠭᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠲᠦᠷᠦᠯ ᠤᠨ ᠲᠥᠯᠥᠪᠯᠡᠭᠡ︾ | ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ | ︽ᠲᠡᠰ ᠳᠡᠪᠰᠢᠭᠰᠡᠨ ᠬᠡᠪ︾ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠤᠷ ᠲᠠᠶᠢᠪᠤᠩ | ᠠᠵᠤ ᠲᠦᠷᠦᠭᠦ ᠶᠢ ᠦᠨᠡᠨ ᠬᠦ ᠪᠠᠲᠤᠯᠠᠨ᠎ᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ | ᠦᠨᠳᠦᠰᠦᠲᠡᠨ ᠤ ᠪᠦᠯᠬᠦᠮᠳᠡᠯ ᠢ ᠰᠠᠶᠢᠲᠤᠷ ᠰᠠᠬᠢᠨ ᠬᠠᠮᠠᠭᠠᠯᠠᠨ᠎ᠠ᠃ | ᠲᠥᠯᠥᠭᠡᠯᠡᠭᠴᠢᠳ ᠡ᠂ ᠠᠷᠠᠳ ᠤᠯᠠᠨ ᠬᠦᠰᠡᠯ ᠡᠷᠡᠮᠡᠯᠵᠡᠯ ᠲᠠᠢ ᠪᠠᠶᠢᠵᠤ᠂ ᠵᠠᠰᠠᠭ ᠦᠢᠯᠡᠰ ᠪᠦᠲᠦᠭᠡᠵᠦ | ᠪᠠᠶᠢᠨ᠎ᠠ︕ ᠪᠢᠳᠡ ᠶᠡᠭᠡ ᠬᠤᠷᠠᠯ ᠤᠨ ᠪᠠᠲᠤᠯᠠᠭᠰᠠᠨ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠨᠢᠭᠡᠪᠦᠷᠢ ᠶᠢ ᠬᠦᠴᠦᠯᠡᠨ ᠰᠠᠶᠢᠲᠤᠷ ᠬᠢᠵᠦ᠂ ᠠᠷᠠᠳ ᠤᠯᠠᠨ ᠳᠤ ᠭᠡᠷ ᠤᠨ ᠢᠶᠠᠨ ᠡᠭᠦᠳᠡᠨ ᠳᠤ ᠨᠠᠷᠢᠨ | ᠵᠦᠢᠯᠡᠰ ᠢ ᠬᠦᠷᠲᠡᠭᠡᠵᠦ᠂ ᠦᠨᠡᠨ ᠪᠣᠳᠠᠲᠠᠢ ᠬᠠᠶᠢᠷ᠎ᠠ ᠬᠠᠯᠠᠮᠵᠢ ᠶᠢ ᠬᠦᠷᠲᠡᠭᠡᠨ᠎ᠡ︕ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠪᠢᠳᠡ ᠢᠮᠠᠭᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ | ᠬᠢᠴᠢᠶᠡᠩᠭᠦ᠋ᠢᠯᠡᠨ ᠭᠦᠢᠴᠡᠳᠬᠡᠵᠦ᠂ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠰᠠᠭ ᠤᠨ | ᠣᠷᠳᠣᠨ ᠤ ᠴᠢᠳᠠᠪᠤᠷᠢ ᠶᠢ ᠢᠯᠡᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ | ᠨᠢᠭᠡ ᠳᠤ᠂ ᠨᠠᠩ ᠥᠨᠳᠥᠷ ᠵᠣᠭᠰᠣᠴᠠ ᠪᠠᠷ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ | ᠲᠤᠭᠤᠰᠢᠯᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ | ᠲᠥᠷᠥ ᠶᠢᠨ ᠶᠣᠰᠣ ᠲᠦᠷᠢᠮ ᠢ ᠴᠢᠩᠳᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠳᠡᠭᠡᠳᠦ ᠱᠠᠲᠤ ᠨᠢ ᠲᠣᠬᠢᠷᠠᠭᠤᠯᠤᠯᠲᠠ ᠲᠠᠢ᠂ ᠵᠠᠰᠠᠭ ᠤᠨ ᠣᠷᠳᠣᠨ ᠠᠵᠢᠯᠯᠠᠭ᠎ᠠ ᠲᠠᠢ᠂ | ᠨᠠᠶᠢᠳᠠᠪᠤᠷᠢᠵᠢᠭᠤᠯᠤᠯᠲᠠ ᠶᠢ ᠡᠷᠴᠢᠮ ᠲᠠᠢ ᠪᠠᠶᠢᠯᠭᠠᠨ᠎ᠠ᠃ | ᠬᠤᠶᠠᠷ ᠲᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ | ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠥᠨᠳᠥᠷ ᠪᠦᠲᠦᠮᠵᠢᠲᠡᠶ ᠶᠠᠪᠤᠭᠳᠠᠭᠤᠯᠬᠤ ᠶᠢ ᠦᠨᠡᠨᠬᠦ ᠪᠠᠲᠤᠯᠠᠨ᠎ᠠ | ᠃ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ ᠶᠢ ᠠᠬᠢᠭᠤᠯᠤᠨ᠎ᠠ᠃ ᠨᠠᠮ ᠤᠨ | ᠳᠣᠲᠣᠭᠠᠳᠤ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ | ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠶ ᠰᠠᠶᠢᠲᠤᠷ ᠬᠢᠨ᠎ᠡ᠃ | ᠭᠤᠷᠪᠠ ᠳᠤ᠂ ᠨᠡᠩ ᠰᠢᠯᠢᠳᠡᠭ ᠰᠤᠷᠲᠠᠯ ᠢᠶᠠᠷ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠳᠠᠷᠦ᠋ᠢᠬᠠᠨ ᠭᠦᠢᠴᠡᠳᠬᠡᠵᠦ᠂ | ᠦᠨᠡᠨ ᠬᠦ ᠠᠳᠬᠤᠨ ᠪᠣᠳᠠᠲᠠᠢ ᠠᠵᠢᠯᠯᠠᠬᠤ︾ ᠰᠢᠯᠢᠳᠡᠭ ᠰᠤᠷᠲᠠᠯ ᠢ ᠶᠡᠬᠡᠪᠡᠷ ᠪᠠᠳᠠᠷᠠᠭᠤᠯᠵᠤ᠂ ︽ᠭᠤᠷᠪᠠᠨ ᠤᠯᠠᠨ | ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︽ᠲᠠᠶᠢᠯᠪᠦᠷᠢᠯᠠᠬᠤ | ᠰᠡᠳᠬᠢᠬᠦᠶ︾ ᠪᠠ ︽ᠰᠢᠯᠢᠳᠡᠭ ᠲᠠᠶᠢᠯᠪᠤᠷᠢᠯᠠᠬᠤ ᠰᠡᠳᠬᠢᠬᠦᠶ︾ ᠶᠢ ᠪᠣᠶ ᠪᠣᠯᠭᠠᠵᠤ᠂ ᠦᠷ᠎ᠡ ᠪᠦᠲᠦᠭᠡᠯ ᠤᠨ | ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ ᠢᠶᠠᠨ ᠴᠢᠩᠭᠠᠷᠠᠭᠤᠯᠤᠨ᠂ | ᠭᠤᠤᠯᠳᠠᠯᠭ᠎ᠠ ᠲᠠᠢ ᠠᠵᠢᠯ ᠤᠨ ᠡᠭᠦᠷᠭᠡ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠶᠢ | ᠲᠣᠭᠲᠠᠭᠠᠬᠤ᠂ ᠨᠢᠭᠡ ᠶᠢ ᠬᠢᠵᠦ᠂ ᠨᠢᠭᠡ ᠶᠢ ᠪᠦᠲᠦᠭᠡᠬᠦ ᠶᠢ ᠦᠨᠡᠨ ᠬᠦ ᠪᠠᠲᠤᠯᠠᠨ᠂ ︽ᠬᠠᠷᠢᠭᠤᠴᠠᠯᠭ᠎ᠠ ᠡᠭᠦᠷᠭᠡᠯᠡᠨ | ᠬᠠᠷᠢᠭᠤᠴᠠᠯᠭ᠎ᠠ ᠪᠠᠨ ᠭᠦᠢᠴᠡᠳᠭᠡᠵᠦ᠂ ᠦᠢᠯᠡ ᠠᠵᠢᠯᠯᠠᠭ᠎ᠠ ᠪᠠᠨ ᠮᠡᠳᠡᠵᠦ᠂ ᠬᠦᠨᠳᠦ ᠳᠠᠷᠤᠭᠠᠰᠤ ᠶᠢ ᠨᠢ ᠡᠭᠦᠷᠭᠡᠯᠡᠵᠦ | ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠬᠦ︾ ᠶᠢ ᠵᠠᠰᠠᠭ ᠤᠨ ᠣᠷᠳᠣᠨ ᠤ ᠠᠵᠢᠯ ᠤᠨ ᠢᠯᠡ ᠲᠣᠳᠣ | ᠣᠨᠴᠠᠯᠢᠭ ᠪᠣᠯᠭᠠᠨ᠎ᠠ᠃ | ᠲᠦᠷᠪᠡ ᠳᠤ᠂ ᠨᠡᠩ ᠴᠢᠩᠭ᠎ᠠ ᠪᠠᠷᠢᠮᠵᠢᠶ᠎ᠠ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠨ᠎ᠠ᠃ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠭᠦᠢᠴᠡᠳᠬᠡᠵᠦ᠂ ᠰᠠᠬᠢᠯᠭ᠎ᠠ ᠪᠠᠲᠤ ᠶᠣᠰᠣ | ᠲᠦᠷᠢᠮ ᠢ ᠢᠮᠠᠭᠲᠠ ᠲᠡᠷᠢᠭᠦᠨ ᠳᠤ ᠲᠠᠯᠪᠢᠨ᠎ᠠ᠃ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ | ᠡᠭᠦᠷᠭᠡᠯᠡᠬᠦ︾ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ | ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠰᠢᠨᠲᠠᠷᠠᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠬᠤ᠂ ᠰᠢᠨ᠎ᠡ | ᠰᠤᠷᠲᠠᠯ ᠢ ᠪᠤᠢ ᠪᠣᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠤᠯᠠᠭᠠᠨᠬᠠᠳᠠ ᠬᠤᠲᠠ ᠶᠢᠨ ︽ᠠᠷᠪᠢᠴᠢ | ᠭᠠᠮᠲᠠᠶ ᠠᠮᠢᠳᠤᠷᠠᠬᠤ ᠳᠠᠳᠬᠠᠯ︾ ᠤᠨ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠣᠭᠤᠰ ᠢᠶᠠᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠭᠠᠵᠠᠷ᠂ ᠠᠷᠠᠳ ᠤᠨ | ᠲᠥᠯᠥᠭᠡ ᠠᠵᠢᠯ ᠶᠠᠪᠤᠳᠠᠯ ᠬᠢᠬᠦ ᠶᠢᠨ ᠪᠠᠴᠢᠮ ᠬᠡᠷᠡᠭᠴᠡᠭᠡ᠂ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠭᠠᠵᠠᠷ ᠲᠤ | ᠦᠨᠡᠨ ᠬᠦ ᠵᠠᠷᠤᠴᠠᠭᠤᠯᠤᠨ᠎ᠠ᠃ | ᠲᠥᠯᠥᠭᠡᠯᠡᠭᠴᠢᠳ ᠡ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠡᠷᠡᠯᠬᠡᠭᠯᠡᠨ ᠤᠷᠤᠭᠰᠢᠯᠠᠬᠤ ᠵᠣᠷᠢᠭ ᠢ ᠬᠥᠭᠵᠢᠭᠡᠵᠦ᠂ ᠤᠷᠤᠭᠰᠢᠯᠠᠯᠲᠠ ᠶᠢᠨ ᠬᠦᠴᠦᠨ ᠢ ᠨᠢᠭᠲᠠᠷᠠᠭᠤᠯᠵᠤ᠂ | ᠬᠥᠭᠵᠢᠯᠲᠡ ᠶᠢᠨ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠠᠤᠬᠠᠨ ᠤ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠬᠦ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ︕ |