| ᠹᠧᠩ ᠱᠸᠤ ᠰᠢᠶᠠᠩ ᠨᠢ ᠬᠥᠳᠡᠭᠡ ᠲᠣᠰᠬᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ ᠡᠷᠡᠭᠦᠯ ᠬᠠᠮᠠᠭᠠᠯᠠᠯ ᠠᠷᠢᠭᠤᠨ ᠴᠡᠪᠡᠷ᠂ ᠣᠷᠴᠢᠨ ᠲᠣᠭᠤᠷᠢᠨ ᠭᠤᠶᠢᠳᠠ ᠰᠠᠶᠢᠬᠠᠨ ᠪᠠᠶᠢᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠬᠥᠳᠡᠭᠡ ᠲᠣᠰᠬᠤᠨ ᠤ ᠺᠠᠳ᠋ᠷ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠠ | ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ᠪᠠᠶᠠᠷ ᠤᠨ ᠡᠳᠦᠷ ᠤᠨ ᠳᠠᠷᠠᠭᠠᠬᠢ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠵᠦ᠂ ᠴᠣ ᠰᠢᠨ᠎ᠡ ᠣᠷᠴᠢᠨ ᠲᠣᠭᠤᠷᠢᠨ ᠤ ᠳᠦᠷᠰᠦ ᠪᠠᠶᠢᠳᠠᠯ ᠢᠶᠠᠷ ᠰᠢᠨ᠎ᠡ ᠨᠢᠭᠡ ᠵᠢᠯ ᠤᠨ ᠠᠵᠢᠯ ᠤᠨ | ᠬᠥᠰᠢᠭᠡ ᠶᠢ ᠳᠡᠯᠭᠡᠨ᠎ᠡ᠃ | ᠨᠠᠮ ᠤᠨ ᠭᠡᠰᠢᠭᠦᠨ ᠬᠦᠳᠦᠯᠦᠨ ᠳᠠᠭᠠᠭᠤᠯᠵᠤ᠂ ᠵᠠᠰᠠᠯᠲᠠ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ | ᠨᠠᠮ ᠤᠨ ᠭᠡᠰᠢᠭᠦᠨ ᠺᠠᠳ᠋ᠷ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠤᠷᠢᠳᠠᠪᠠᠷ ᠬᠦᠳᠡᠯᠦᠯᠴᠡᠵᠦ | ᠂ ᠵᠠᠮ ᠤᠨ ᠬᠠᠵᠠᠭᠤ᠂ ᠭᠡᠷ ᠤᠨ ᠠᠷᠤ ᠲᠠᠯ᠎ᠠ ᠶᠢᠨ ᠡᠷᠡᠭᠦᠯ ᠬᠠᠮᠠᠭᠠᠯᠠᠯ ᠢ ᠲᠦᠷᠦᠭᠦᠯᠡᠨ ᠴᠡᠪᠡᠷᠯᠡᠵᠦ᠂ ᠤᠯᠠᠨ | ᠲᠦᠮᠡᠨ ᠢ ᠪᠦᠲᠦᠮᠵᠢᠲᠡᠢ ᠳᠠᠶᠢᠴᠢᠯᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠭᠤᠯᠪᠠ᠃ ᠲᠣᠣᠷᠵᠢᠭᠤᠯᠬᠤ ᠪᠠᠷ ᠭᠠᠷᠳᠠᠴᠠ ᠪᠣᠯᠭᠠᠵᠤ᠂ ᠵᠡᠭᠡᠯᠢ ᠳᠠᠷᠠᠭᠠᠯᠠᠨ | ᠴᠡᠪᠡᠷᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠠᠶᠠᠭᠳᠠᠮᠠᠯ ᠡᠳ᠋ ᠪᠣᠳᠠᠰ᠂ ᠬᠤᠸᠠᠷ ᠫᠤᠤᠵᠢᠩ ᠤᠨ ᠬᠡᠮᠬᠡᠳᠡᠭ | ᠂ ᠬᠤᠭ ᠨᠣᠪᠰᠢ ᠶᠢᠨ ᠬᠤᠷᠠᠮᠳᠤᠯ ᠵᠡᠷᠭᠡ ᠶᠢ ᠴᠠᠭ ᠲᠤᠬᠠᠶ ᠳᠤᠨᠢ ᠴᠤᠭᠯᠠᠭᠤᠯᠤᠨ ᠴᠡᠪᠡᠷᠯᠡᠵᠦ᠂ ᠭᠤᠤᠯ ᠵᠠᠮ ᠤᠨ | ᠬᠤᠶᠠᠷ ᠲᠠᠯ᠎ᠠ᠂ ᠲᠣᠰᠬᠤᠨ ᠳᠤᠭᠤᠶᠢᠯᠠᠩ ᠤᠨ ᠵᠠᠮ᠂ ᠰᠣᠶᠣᠯ ᠤᠨ ᠠᠭᠤᠳᠠᠮ ᠲᠠᠯᠠᠪᠠᠶ᠂ ᠲᠣᠰᠬᠤᠨ ᠤ ᠠᠷᠠᠳ ᠤᠨ | ᠵᠥᠪᠯᠡᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠪᠥᠬᠦ ᠲᠠᠯ᠎ᠠ ᠪᠠᠷ ᠴᠡᠪᠡᠷᠯᠡᠨ ᠴᠡᠭᠴᠡᠯᠡᠵᠦ᠂ ᠲᠦᠢᠯᠪᠤᠷᠢᠲᠠᠶ | ᠴᠡᠪᠡᠷᠯᠡᠵᠦ᠂ ᠲᠤᠤᠱᠲᠠᠢ ᠴᠡᠭᠴᠡᠯᠡᠨ ᠵᠠᠰᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠦᠨᠡᠨᠬᠦ ᠭᠦᠨᠵᠡᠭᠡᠶᠢᠷᠡᠭᠦᠯᠦᠨ ᠠᠬᠢᠭᠤᠯᠵᠤ᠂ ᠪᠥᠬᠦ ᠣᠷᠣᠨ ᠪᠦᠰᠡ ᠶᠢᠨ | ᠳᠡᠭᠡᠭᠰᠢᠯᠡᠯᠲᠡ ᠶᠢ ᠪᠡᠶᠡᠯᠡᠭᠦᠯᠪᠡ᠃ ᠨᠠᠮ ᠤᠨ ᠭᠡᠰᠢᠭᠦᠨ ᠺᠠᠳ᠋ᠷ ᠵᠢᠯᠤᠭᠤᠳᠤᠬᠴᠢ ᠪᠣᠯᠬᠤ ᠮᠥᠷᠲᠡᠭᠡᠨ ᠪᠠᠰᠠ | ᠴᠡᠪᠡᠷᠯᠡᠭᠴᠢ ᠪᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠲᠠᠭᠤᠵᠢᠯᠲᠠᠢ ᠠᠵᠢᠯᠯᠠᠵᠤ | ᠪᠣᠳᠠᠲᠠᠢ ᠠᠵᠢᠯᠯᠠᠨ᠎ᠠ᠃ ᠴᠠᠭᠠᠨ ᠰᠠᠷ᠎ᠠ ᠶᠢᠨ ᠪᠠᠶᠠᠷ ᠥᠩᠭᠡᠷᠡᠭᠰᠡᠨ ᠤ ᠳᠠᠷᠠᠭ᠎ᠠ᠂ ᠡᠯ᠎ᠡ ᠲᠥᠷᠥᠯ ᠤᠨ ᠴᠡᠪᠡᠷᠯᠡᠨ | ᠲᠡᠭᠡᠭᠡᠪᠦᠷᠢᠯᠡᠬᠦ ᠲᠡᠷᠭᠡ ᠬᠥᠰᠬᠡ ᠶᠢ ᠨᠡᠶᠢᠲᠡ 120 ᠭᠠᠷᠤᠶ ᠤᠳᠠᠭ᠎ᠠ ᠬᠥᠳᠡᠯᠭᠡᠵᠦ᠂ ᠬᠤᠭ ᠨᠣᠪᠰᠢ ᠶᠢ | ᠳᠤᠷ᠎ᠠ ᠪᠠᠷ ᠢᠶᠠᠨ ᠬᠠᠶᠠᠭᠰᠠᠨ᠂ ᠡᠯᠳᠡᠪ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ᠂ ᠬᠤᠷᠠᠭᠰᠠᠨ ᠴᠠᠰᠤᠨ ᠤ | ᠦᠯᠡᠳᠡᠭᠳᠡᠯ ᠢ 200 ᠭᠠᠷᠤᠶ ᠴᠡᠪᠡᠷᠯᠡᠪᠡ᠃ | ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ ᠪᠣᠶ ᠪᠣᠯᠤᠭᠰᠠᠨ ᠬᠤᠭ ᠨᠣᠪᠰᠢ ᠶᠢᠨ | ᠬᠡᠮᠵᠢᠶ᠎ᠡ ᠨᠡᠮᠡᠭᠳᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ︽ ᠴᠠᠭ ᠲᠣᠬᠠᠢ ᠳᠤᠨᠢ ᠴᠡᠪᠡᠷᠯᠡᠬᠦ︾ ᠵᠡᠷᠭᠡ | ᠠᠰᠠᠭᠤᠳᠠᠯ ᠳᠤ ᠴᠢᠭᠯᠡᠭᠦᠯᠦᠨ᠂ ᠹᠧᠩ ᠱᠸᠦ ᠰᠢᠶᠠᠩ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠪᠡ᠃ ᠨᠢᠭᠡ ᠲᠠᠯ᠎ᠠ ᠪᠠᠷ᠂ ᠵᠥᠩ ᠴᠧᠩ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠺᠣᠮᠫᠠᠨᠢ ᠶᠢᠨ ᠲᠤᠰᠬᠠᠶ ᠲᠤᠰᠢᠶᠠᠯᠲᠤ ᠴᠡᠪᠡᠷᠯᠡᠭᠴᠢ ᠶᠢ ᠠᠰᠢᠭᠯᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ | ᠬᠥᠳᠡᠭᠡ ᠲᠣᠰᠬᠤᠨ ᠤ ᠭᠤᠤᠯ ᠵᠠᠮ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠡᠪᠡᠷᠯᠡᠭᠡ ᠬᠢᠬᠦ ᠡᠷᠴᠢᠮ ᠢᠶᠠᠨ | ᠴᠢᠩᠭᠠᠷᠠᠭᠤᠯᠵᠤ᠂ ᠬᠤᠭ ᠨᠣᠪᠰᠢ ᠶᠢ ᠡᠳᠦᠷ ᠪᠦᠷᠢ ᠴᠡᠪᠡᠷᠯᠡᠬᠦ ᠶᠢ ᠦᠨᠡᠨ ᠬᠦ ᠪᠠᠲᠤᠯᠠᠪᠠ︔ ᠨᠥᠭᠦᠭᠡ ᠲᠠᠯ᠎ᠠ ᠪᠠᠷ᠂ | ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠥᠷᠭᠡᠨ ᠣᠯᠠᠨ | ᠲᠦᠮᠡᠨ ᠢ ᠵᠣᠬᠢᠶᠠᠨ ᠪᠠᠶᠢᠭᠤᠯᠤᠨ ᠲᠣᠰᠬᠤᠨ ᠳᠤᠭᠤᠶᠢᠯᠠᠩ ᠤᠨ ᠵᠠᠮ ᠤᠨ ᠬᠤᠶᠠᠷ ᠬᠠᠵᠠᠭᠤ ᠶᠢᠨ ᠬᠤᠭ ᠨᠣᠪᠰᠢ ᠶᠢ | ᠴᠡᠪᠡᠷᠯᠡᠵᠦ᠂ ᠦᠯᠡᠳᠡᠭᠰᠡᠨ ᠬᠤᠷᠠᠭᠰᠠᠨ ᠴᠠᠰᠤᠨ ᠣᠪᠣᠭ᠎ᠠ᠂ ᠡᠯᠳᠡᠪ ᠪᠣᠳᠠᠰ ᠤᠨ ᠣᠪᠣᠭ᠎ᠠ ᠶᠢ ᠴᠠᠭ ᠲᠤᠬᠠᠶ ᠳᠤᠨᠢ | ᠠᠷᠢᠯᠭᠠᠬᠤ ᠶᠢᠨ ᠬᠠᠮᠲᠤ᠂ ᠲᠣᠰᠬᠤᠨ ᠤ ᠠᠷᠠᠳ ᠢ ᠱᠠᠯᠠᠪᠳᠠᠭᠤᠯᠵᠤ ᠪᠠᠶᠢᠭᠠᠳ ᠥᠪᠡᠷ ᠤᠨ ᠭᠡᠷ ᠤᠨ ᠢᠶᠠᠨ ᠡᠮᠦᠨ᠎ᠡ | ᠬᠤᠶᠢᠨᠠᠬᠢ ᠡᠷᠡᠭᠦᠯ ᠬᠠᠮᠠᠭᠠᠯᠠᠯ ᠢ ᠠᠩᠬᠠᠷᠤᠨ ᠴᠡᠪᠡᠷᠯᠡᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠨᠠᠩ | ᠴᠡᠪᠡᠷ ᠲᠡᠭᠰᠢ ᠡᠮᠬᠢ ᠵᠢᠷᠤᠮ ᠲᠠᠢ ᠪᠣᠯᠭᠠᠪᠠ᠃ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠭᠴᠡᠯᠡᠨ ᠵᠠᠰᠠᠭᠰᠠᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠹᠧᠩ ᠱᠸᠦ ᠰᠢᠶᠠᠩ ᠨᠢ ᠣᠳᠣ ᠶᠢᠨ ᠭᠠᠭᠴᠠ ᠤᠳᠠᠭᠠᠨ ᠤ ᠴᠡᠭᠴᠡᠯᠡᠨ ᠵᠠᠰᠠᠬᠤ | ᠠᠵᠢᠯᠯᠠᠭ᠎ᠠ ᠶᠢ ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠠᠯᠤᠰ ᠬᠡᠳᠦ ᠶᠢ ᠪᠣᠳᠣᠯᠬᠢᠯᠠᠨ᠎ᠠ᠃ ᠡᠯ᠎ᠡ ᠲᠣᠰᠬᠤᠨ | ᠲᠤᠰ ᠲᠣᠰᠬᠤᠨ ᠤ ᠣᠷᠣᠰᠢᠨ ᠰᠠᠭᠤᠭ᠎ᠠ ᠬᠥᠮᠦᠨ ᠠᠮᠠ ᠶᠢ ᠦᠨᠳᠦᠰᠦᠯᠡᠨ ᠵᠣᠬᠢᠬᠤ ᠬᠡᠮᠵᠢᠶᠡᠨ ᠤ ᠨᠡᠶᠢᠲᠡ ᠶᠢᠨ | ᠠᠰᠠᠷᠠᠮᠵᠢ ᠶᠢᠨ ᠠᠵᠢᠯ ᠤᠨ ᠪᠠᠶᠢᠷᠢ ᠶᠢᠨ ᠴᠡᠪᠡᠷᠯᠡᠭᠴᠢ ᠶᠢ ᠰᠣᠩᠭᠤᠨ ᠤᠷᠢᠵᠤ᠂ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ | ᠲᠣᠭᠲᠠᠴᠠ ᠶᠢ ᠪᠦᠷᠢᠨᠰᠢᠬᠦᠯᠪᠡ᠃ ᠡᠯ᠎ᠡ ᠲᠣᠰᠬᠤᠨ ᠤ ᠴᠡᠪᠡᠷᠯᠡᠭᠴᠢ ᠥᠷᠭᠡᠨ ᠳᠡᠯᠭᠡᠷ ᠤᠬᠠᠭᠤᠯᠭ᠎ᠠ ᠪᠠᠷ | ᠳᠠᠮᠵᠢᠭᠤᠯᠤᠨ᠂ ᠲᠣᠰᠬᠤᠨ ᠤ ᠠᠷᠠᠳ ᠲᠤ ᠬᠤᠭ ᠨᠣᠪᠰᠢ ᠬᠠᠶᠠᠬᠤ ᠭᠠᠵᠠᠷ ᠪᠠ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠴᠡᠪᠡᠷᠯᠡᠭᠴᠢ ᠶᠢ ᠲᠣᠭᠲᠠᠭᠰᠠᠨ ᠴᠠᠭ ᠲᠤ ᠴᠡᠪᠡᠷᠯᠡᠵᠦ᠂ | ᠣᠯᠠᠨ ᠲᠦᠮᠡᠨ ᠲᠠᠯᠪᠢᠬᠤ᠂ ᠴᠡᠪᠡᠷᠯᠡᠭᠴᠢ ᠴᠤᠭᠯᠠᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ | ᠺᠣᠮᠫᠠᠨᠢ ᠶᠢ ᠬᠤᠰᠢᠭᠤᠨ ᠤ ᠨᠢᠭᠡᠳᠦᠯᠲᠡᠶ ᠰᠢᠢᠳᠪᠦᠷᠢᠯᠡᠬᠦ ᠠᠵᠢᠯᠯᠠᠭᠠᠨ ᠤ ᠵᠠᠭᠪᠤᠷ ᠢ ᠪᠣᠶ ᠪᠣᠯᠭᠠᠪᠠ᠃ | ᠹᠧᠩ ᠱᠸᠦ ᠰᠢᠶᠠᠩ ᠤᠨ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠹᠧᠩ ᠱᠸᠦ ᠰᠢᠶᠠᠩ ᠤᠨ | ᠲᠣᠰᠬᠤᠨ ᠤ ᠳᠦᠷᠰᠦ ᠪᠠᠶᠢᠳᠠᠯ ᠴᠣ ᠰᠢᠨ᠎ᠡ ᠪᠠᠶᠢᠳᠠᠯ ᠲᠠᠢ ᠪᠣᠯᠪᠠ᠃ ᠵᠠᠮ ᠴᠡᠪᠡᠷ ᠲᠡᠭᠰᠢ ᠪᠠᠶᠢᠵᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢᠯᠡᠳᠲᠡ ᠰᠠᠶᠢᠵᠢᠷᠠᠵᠤ᠂ ᠲᠣᠰᠬᠤᠨ ᠤ ᠠᠷᠠᠳ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠬᠠᠮᠰᠠᠷ ᠢᠯᠡᠳᠲᠡ ᠴᠢᠩᠭᠠᠷᠠᠪᠠ᠃ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ | ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠰᠠᠶᠢᠵᠢᠷᠠᠭᠤᠯᠤᠭᠰᠠᠨ ᠢᠶᠠᠷ | ᠪᠠᠷᠠᠬᠤ ᠥᠬᠡᠶ ᠪᠠᠰᠠ ᠲᠣᠰᠬᠤᠨ ᠤ ᠠᠷᠠᠳ ᠤᠨ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠲᠥᠷᠥᠭᠳᠡᠯ ᠢ | ᠨᠡᠮᠡᠭᠳᠡᠭᠦᠯᠦᠭᠰᠡᠨ ᠪᠠᠶᠢᠨ᠎ᠠ᠃ |