ᠠᠤᠬᠠᠨ ᠬᠤᠰᠢᠭᠤ 2025 ᠣᠨ ᠤ ᠬᠤᠶᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ︵ᠥᠷᠭᠡᠳᠬᠡᠭᠰᠡᠨ︶ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/3/6
      3 ᠰᠠᠷ᠎ᠠ ᠶᠢᠨ 5 ᠤ ᠡᠳᠦᠷ᠂ ᠠᠤᠬᠠᠨ ᠬᠤᠰᠢᠭᠤ 2025 ᠣᠨ ᠤ ᠬᠤᠶᠠᠳᠤᠭᠠᠷ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ︵ᠥᠷᠭᠡᠳᠬᠡᠭᠰᠡᠨ︶ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠬᠤᠷᠠᠯ ᠢ ᠡᠷᠭᠢᠯᠡᠪᠡ᠃
C:\Users\Administrator\Desktop\1.jpg
    ᠬᠤᠷᠠᠯ ᠠᠴᠠ ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠣᠶᠢᠷ᠎ᠠ ᠶᠢᠨ ᠬᠤᠭᠤᠴᠠᠭᠠᠨ ᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠶᠡᠷᠦᠩᠬᠡᠶ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ ᠰᠤᠳᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭ᠎ᠠ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠬᠢᠪᠠ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠭᠡᠪᠡᠴᠦ᠂ ᠠᠶᠤᠯᠭᠦᠶ ᠦᠢᠯᠡᠳᠪᠦᠷᠢᠯᠡᠯ ᠤᠨ ᠬᠦᠷᠢᠶᠡᠨ ᠳᠠᠬᠢ ᠠᠶᠤᠯ ᠲᠦᠭᠰᠢᠭᠦᠷᠢ ᠮᠥᠨ ᠬᠦ ᠲᠣᠪᠤᠶᠢᠮ᠎ᠠ ᠪᠠᠶᠢᠵᠤ᠂ ᠠᠮᠤᠷ ᠲᠦᠪᠰᠢᠨ ᠤ ᠰᠠᠭᠤᠷᠢ ᠪᠠᠲᠤ ᠪᠢᠰᠢ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠨᠠᠷᠢᠯᠢᠭ ᠪᠤᠰᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠯ᠎ᠠ ᠪᠠᠷ ᠬᠦᠷᠦᠯᠴᠡᠬᠦ ᠥᠬᠡᠶ ᠵᠡᠷᠭᠡ ᠠᠰᠠᠭᠤᠳᠠᠯ ᠮᠥᠨ ᠬᠦ ᠣᠷᠣᠰᠢᠵᠤ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠶ᠂ ᠲᠦᠢᠯᠰᠢᠷᠠᠯ ᠤᠨ ᠰᠡᠳᠬᠢᠬᠦᠶ ᠶᠢ ᠪᠠᠲᠤ ᠪᠠᠬᠢ ᠪᠣᠶ ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠤᠯᠤᠰ ᠲᠥᠷᠥ ᠶᠢᠨ ᠰᠢᠨᠵᠢ ᠴᠢᠨᠠᠷ ᠢ ᠭᠦᠨᠵᠡᠭᠡᠶ ᠤᠶᠢᠯᠠᠭᠠᠨ᠂ ᠤᠯᠤᠰ ᠲᠥᠷᠥ ᠶᠢ ᠡᠷᠬᠢᠮᠯᠡᠬᠦ ᠦᠨᠳᠦᠷᠴᠡ ᠳᠤ ᠵᠣᠭᠰᠣᠵᠤ᠂ ᠠᠶᠤᠯᠭᠦᠶ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ᠂ ᠤᠷᠢᠳᠴᠢᠯᠠᠨ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠠᠶᠤᠯ ᠲᠦᠭᠰᠢᠭᠦᠷᠢ ᠶᠢ ᠦᠨᠡᠨ ᠬᠦ ᠲᠡᠷᠢᠭᠦᠨ ᠳᠤ ᠲᠠᠯᠪᠢᠵᠤ᠂  ᠪᠡᠯᠡᠳᠬᠡᠯ ᠲᠦᠰᠦᠯ ᠢ ᠲᠡᠷᠢᠭᠦᠨ ᠳᠤ ᠲᠠᠯᠪᠢᠵᠤ᠂ ᠠᠵᠢᠯ ᠢᠶᠠᠨ ᠤᠷᠢᠳᠠᠪᠠᠷ ᠬᠢᠵᠦ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃ 
C:\Users\Administrator\Desktop\2.jpg
   ᠬᠤᠷᠠᠯ ᠠᠴᠠ᠂ ᠣᠳᠣᠬᠠᠨ ᠳᠤ ᠪᠣᠯ ᠶᠠᠭ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠤᠷᠬᠢᠯ ᠤᠨ ᠬᠤᠭᠤᠴᠠᠭ᠎ᠠ ᠪᠠᠶᠢᠵᠤ᠂ ᠤᠢ ᠰᠢᠭᠤᠢ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠭᠠᠯ ᠰᠡᠷᠭᠡᠶᠢᠯᠡᠬᠦ ᠬᠤᠭᠤᠴᠠᠭ᠎ᠠ ᠪᠤᠯᠵᠤ᠂ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠣᠯᠤᠨ ᠡᠴᠦᠰ ᠲᠤᠨᠢ ᠲᠤᠯᠲᠠᠯ᠎ᠠ ᠠᠳᠬᠤᠬᠤ ᠬᠡᠷᠡᠭᠵᠢᠭᠦᠯᠬᠦ ᠬᠦᠴᠦᠨ ᠢᠶᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠬᠢᠨ ᠨᠠᠷᠢᠯᠢᠭ ᠠᠳᠬᠤᠵᠤ᠂ ᠲᠠᠬᠢᠨ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢᠶᠠᠷ ᠭᠤᠣᠯ ᠰᠢᠵᠢᠮ ᠪᠣᠯᠭᠠᠵᠤ᠂ ᠲᠤᠷᠰᠢᠯᠭ᠎ᠠ ᠬᠢᠳᠡᠯ ᠢᠶᠠᠨ ᠨᠠᠷᠢᠨ ᠬᠢᠨᠠᠮᠠᠭᠠᠢ ᠳ᠋ᠦᠩᠨᠡᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠤᠴᠠᠵᠤ ᠪᠠᠶᠢᠴᠠᠭᠠᠨ ᠦᠵᠡᠬᠦ ᠠᠵᠢᠯ ᠢ ᠴᠠᠭ ᠲᠤᠬᠠᠢ ᠳᠤᠨᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠤᠨ ᠭᠡᠮ ᠰᠣᠭᠤᠭ ᠲᠤ ︽ᠪᠢᠲᠡᠭᠦᠦ ᠴᠠᠭᠠᠷᠢᠭ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠶᠢ ᠪᠠᠶᠢᠴᠠᠭᠠᠨ ᠭᠠᠷᠭᠠᠵᠤ᠂ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠬᠠᠰᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ᠂  ᠨᠢᠭᠡ ᠳᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠤᠳᠤᠷᠢᠳᠬᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠪᠦᠬᠦ ᠠᠵᠢᠯᠳᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠤᠯᠭ᠎ᠠ ᠪᠣᠯᠤᠨ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠨᠥᠬᠦᠳ ᠰᠠᠨᠠᠭᠠᠴᠢᠯᠠᠭ᠎ᠠ ᠠᠴᠠ ᠪᠠᠨ ᠲᠦᠷᠦᠭᠦᠯᠦᠨ᠂ ︽ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠪᠣᠯᠤᠨ ︽ᠭᠤᠷᠪᠠ ᠶᠢ ᠬᠠᠮᠢᠶᠠᠷᠤᠨ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠲᠦᠷᠦᠯ ᠤᠨ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠪᠠᠯᠠᠢ ᠣᠷᠣᠨ ᠪᠣᠯᠤᠨ ᠳᠤᠲᠠᠭᠳᠠᠯ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠬᠦᠴᠦᠨ ᠢᠶᠠᠨ ᠲᠥᠪᠯᠡᠷᠡᠭᠦᠯᠦᠨ ᠬᠦᠨᠳᠦ ᠶᠡᠭᠡ ᠭᠡᠮ ᠰᠣᠭᠤᠭ ᠪᠣᠯᠤᠨ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠭᠤᠷᠬᠠᠢ᠂ ᠠᠵᠤ ᠦᠢᠯᠡᠳᠪᠦᠷᠢ ᠠᠷᠠᠯᠵᠢᠶ᠎ᠠ᠂ ᠭᠠᠯ ᠤᠨᠲᠠᠷᠠᠭᠠᠬᠤ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠬᠦᠴᠦᠯᠡᠨ ᠴᠢᠩᠭᠠᠳᠬᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠭᠤᠷᠪᠠ ᠳᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠵᠦ᠂ ᠱᠠᠲᠤ ᠳᠠᠷᠠᠭᠠᠯᠠᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠭᠤᠯᠠᠨ ᠣᠷᠣᠢ  ᠲᠠᠷᠢᠶᠠᠨ ᠭᠠᠵᠠᠷ ᠲᠤ ᠬᠦᠷᠲᠡᠯ᠎ᠡ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠡᠳᠦᠷ ᠲᠤᠳᠤᠮ ᠤᠨ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠲᠠᠯ᠎ᠠ ᠪᠠᠷ ᠡᠬᠢ ᠡᠭᠦᠰᠦᠯ ᠠᠴᠠ ᠨᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠵᠠᠩᠭᠢᠯᠠᠭ᠎ᠠ ᠶᠢᠨ ᠣᠷᠣᠨ ᠪᠠᠶᠢᠷᠢ ᠪᠣᠯᠤᠨ ᠣᠨᠴᠠᠭᠠᠢ ᠬᠥᠮᠦᠰ ᠲᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨ ᠲᠥᠷᠥᠯ ᠤᠨ ᠤᠢ ᠰᠢᠭᠤᠢ ᠳᠤ ᠣᠷᠣᠬᠤ ᠶᠢ ᠴᠢᠩᠭ᠎ᠠ ᠰᠡᠷᠭᠡᠶᠢᠯᠡᠵᠦ᠂ ᠭᠠᠯ ᠤᠨ ᠭᠠᠮᠰᠢᠭ ᠤᠨ ᠲᠦᠭᠰᠢᠭᠦᠷᠢ ᠶᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ︔ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠲᠥᠰᠦᠯ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠠᠯ ᠰᠡᠷᠭᠡᠶᠢᠯᠡᠨ ᠤᠨᠲᠠᠷᠠᠭᠠᠬᠤ ᠡᠳ᠋ ᠪᠣᠳᠠᠰ ᠢ ᠰᠢᠨᠵᠢᠯᠡᠬᠦ ᠤᠬᠠᠭᠠᠨᠴᠢ ᠪᠠᠷ᠂ ᠵᠦᠶ ᠵᠣᠬᠢᠰᠲᠠᠶ ᠨᠥᠭᠡᠴᠡᠯᠡᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠬᠢᠵᠦ᠂ ᠵᠣᠬᠢᠶᠠᠨ ᠪᠠᠶᠢᠭᠤᠯᠵᠤ ᠤᠬᠠᠭᠤᠯᠬᠤ ᠶᠢ ᠴᠢᠩᠭᠠᠳᠬᠠᠵᠤ᠂ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠭᠠᠯ ᠲᠦᠢᠮᠡᠷ ᠲᠣᠬᠢᠶᠠᠯᠳᠤᠪᠠᠯ ᠦᠳᠲᠡᠷ ᠲᠦᠷᠭᠡᠨ ᠲᠤᠰᠬᠠᠯ ᠭᠠᠷᠭᠠᠵᠤ᠂ ᠡᠷᠡᠰ ᠰᠢᠭᠤᠷᠬᠠᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠲᠦᠷᠪᠡ ᠳᠤ᠂ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠡᠷᠭᠡ ᠬᠠᠮᠢᠶ᠎ᠠ ᠪᠦᠬᠦᠢ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠭᠡᠨᠡᠳᠲᠡ ᠶᠢᠨ ᠬᠡᠷᠡᠭ ᠪᠤᠶᠤ ᠪᠠᠴᠢᠮ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠴᠠᠭ ᠲᠤᠬᠠᠢ ᠳᠤᠨᠢ ᠲᠤᠰᠬᠠᠵᠤ᠂ ᠴᠠᠭ ᠲᠤᠬᠠᠢ ᠳᠤᠨᠢ ᠰᠢᠢᠳᠪᠦᠷᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃    ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠠᠯᠪᠠᠨ ᠬᠡᠷ ᠤᠨ ᠭᠤᠤᠯ ᠬᠠᠷᠢᠭᠤᠴᠠᠯᠭᠠᠲᠠᠨ᠂ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ︔ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ︔ ᠬᠤᠰᠢᠭᠤᠨ ᠤ ᠣᠶ ᠰᠢᠭᠤᠶ ᠶᠢᠨ ᠰᠡᠷᠭᠡᠶᠢᠯᠡᠯᠲᠡ ᠶᠢᠨ ᠵᠢᠯᠣᠭᠤᠳᠬᠤ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ︔ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠭᠤᠤᠯ ᠬᠠᠷᠢᠭᠤᠴᠠᠯᠭᠠᠲᠠᠨ︔ ᠬᠤᠰᠢᠭᠤᠨ ᠤ 20 ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ ᠃ ︵ᠰᠤᠷᠪᠤᠯᠵᠢᠯᠠᠭᠴᠢ / ᠮᠠ ᠱᠦ ᠢᠦᠢ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号