| ᠹᠧᠩ ᠱᠸᠤ ᠰᠢᠶᠠᠩ ᠨᠢ ᠬᠥᠳᠡᠭᠡ ᠲᠣᠰᠬᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠡᠷᠡᠭᠦᠯ ᠬᠠᠮᠠᠭᠠᠯᠠᠯ ᠠᠷᠢᠭᠤᠨ ᠴᠡᠪᠡᠷ᠂ ᠣᠷᠴᠢᠨ ᠲᠣᠭᠤᠷᠢᠨ ᠭᠤᠶᠢᠳᠠ ᠰᠠᠶᠢᠬᠠᠨ ᠪᠠᠶᠢᠬᠤ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠬᠥᠳᠡᠭᠡ ᠲᠣᠰᠬᠤᠨ ᠤ ᠺᠠᠳ᠋ᠷ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠪᠠ ᠰᠠᠶᠢᠨ ᠳᠤᠷ᠎ᠠ ᠶᠢᠨ | ᠦᠢᠯᠡᠴᠢᠯᠡᠭᠴᠢᠳ ᠬᠠᠮᠲᠤ ᠪᠠᠷ ᠪᠠᠶᠠᠷ ᠤᠨ ᠡᠳᠦᠷ ᠤᠨ ᠳᠠᠷᠠᠭᠠᠬᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠴᠣ ᠰᠢᠨ᠎ᠡ ᠣᠷᠴᠢᠨ | ᠲᠣᠭᠤᠷᠢᠨ ᠤ ᠳᠦᠷᠰᠦ ᠪᠠᠶᠢᠳᠠᠯ ᠢᠶᠠᠷ ᠰᠢᠨ᠎ᠡ ᠨᠢᠭᠡ ᠵᠢᠯ ᠤᠨ ᠠᠵᠢᠯ ᠤᠨ ᠬᠥᠰᠢᠭᠡ ᠶᠢ ᠳᠡᠯᠭᠡᠨ᠎ᠡ᠃ | ᠨᠠᠮ ᠤᠨ ᠭᠡᠰᠢᠭᠦᠨ ᠬᠦᠳᠦᠯᠦᠨ ᠳᠠᠭᠠᠭᠤᠯᠵᠤ᠂ ᠵᠠᠰᠠᠯᠲᠠ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠨᠠᠮ ᠤᠨ | ᠭᠡᠰᠢᠭᠦᠨ ᠺᠠᠳ᠋ᠷ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠤᠷᠢᠳᠠᠪᠠᠷ ᠬᠦᠳᠡᠯᠦᠯᠴᠡᠵᠦ᠂ ᠵᠠᠮ ᠤᠨ | ᠬᠠᠵᠠᠭᠤ᠂ ᠭᠡᠷ ᠤᠨ ᠠᠷᠤ ᠲᠠᠯ᠎ᠠ ᠶᠢᠨ ᠡᠷᠡᠭᠦᠯ ᠬᠠᠮᠠᠭᠠᠯᠠᠯ ᠢ ᠲᠦᠷᠦᠭᠦᠯᠡᠨ ᠴᠡᠪᠡᠷᠯᠡᠵᠦ᠂ ᠤᠯᠠᠨ ᠲᠦᠮᠡᠨ ᠢ ᠪᠦᠲᠦᠮᠵᠢᠲᠡᠢ | ᠳᠠᠶᠢᠴᠢᠯᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠪᠠ᠃ | ᠲᠣᠣᠷᠵᠢᠭᠤᠯᠬᠤ ᠪᠠᠷ ᠭᠠᠷᠳᠠᠴᠠ ᠪᠣᠯᠭᠠᠵᠤ᠂ ᠵᠡᠭᠡᠯᠢ ᠳᠠᠷᠠᠭᠠᠯᠠᠨ ᠴᠡᠪᠡᠷᠯᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ | ᠬᠠᠶᠠᠭᠳᠠᠮᠠᠯ ᠡᠳ᠋ ᠪᠣᠳᠠᠰ᠂ ᠬᠤᠸᠠᠷ ᠫᠤᠤᠵᠢᠩ ᠤᠨ ᠬᠡᠮᠬᠡᠳᠡᠭ᠂ ᠬᠤᠭ ᠨᠣᠪᠰᠢ ᠶᠢᠨ ᠬᠤᠷᠠᠮᠳᠤᠯ ᠵᠡᠷᠭᠡ ᠶᠢ ᠴᠠᠭ | ᠲᠤᠬᠠᠶ ᠳᠤᠨᠢ ᠴᠤᠭᠯᠠᠭᠤᠯᠤᠨ ᠴᠡᠪᠡᠷᠯᠡᠵᠦ᠂ ᠭᠤᠤᠯ ᠵᠠᠮ ᠤᠨ ᠬᠤᠶᠠᠷ ᠲᠠᠯ᠎ᠠ᠂ ᠲᠣᠰᠬᠤᠨ ᠳᠤᠭᠤᠶᠢᠯᠠᠩ ᠤᠨ ᠵᠠᠮ᠂ | ᠰᠣᠶᠣᠯ ᠤᠨ ᠠᠭᠤᠳᠠᠮ ᠲᠠᠯᠠᠪᠠᠶ᠂ ᠲᠣᠰᠬᠤᠨ ᠤ ᠠᠷᠠᠳ ᠤᠨ ᠵᠥᠪᠯᠡᠯ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠪᠥᠬᠦ | ᠲᠠᠯ᠎ᠠ ᠪᠠᠷ ᠴᠡᠪᠡᠷᠯᠡᠨ ᠴᠡᠭᠴᠡᠯᠡᠵᠦ᠂ ᠲᠦᠢᠯᠪᠤᠷᠢᠲᠠᠶ ᠴᠡᠪᠡᠷᠯᠡᠵᠦ᠂ ᠲᠤᠤᠱᠲᠠᠢ ᠴᠡᠭᠴᠡᠯᠡᠨ ᠵᠠᠰᠠᠵᠤ᠂ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠨᠡᠨᠬᠦ ᠭᠦᠨᠵᠡᠭᠡᠶᠢᠷᠡᠭᠦᠯᠦᠨ ᠠᠬᠢᠭᠤᠯᠵᠤ᠂ | ᠪᠥᠬᠦ ᠣᠷᠣᠨ ᠪᠦᠰᠡ ᠶᠢᠨ ᠳᠡᠭᠡᠭᠰᠢᠯᠡᠯᠲᠡ ᠶᠢ ᠪᠡᠶᠡᠯᠡᠭᠦᠯᠪᠡ᠃ ᠨᠠᠮ ᠤᠨ ᠭᠡᠰᠢᠭᠦᠨ ᠺᠠᠳ᠋ᠷ ᠵᠢᠯᠤᠭᠤᠳᠤᠬᠴᠢ ᠪᠣᠯᠬᠤ | ᠮᠥᠷᠲᠡᠭᠡᠨ ᠪᠠᠰᠠ ᠴᠡᠪᠡᠷᠯᠡᠭᠴᠢ ᠪᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠲᠠᠭᠤᠵᠢᠯᠲᠠᠢ | ᠠᠵᠢᠯᠯᠠᠵᠤ ᠪᠣᠳᠠᠲᠠᠢ ᠠᠵᠢᠯᠯᠠᠨ᠎ᠠ᠃ ᠴᠠᠭᠠᠨ ᠰᠠᠷ᠎ᠠ ᠶᠢᠨ ᠪᠠᠶᠠᠷ ᠥᠩᠭᠡᠷᠡᠭᠰᠡᠨ ᠤ ᠳᠠᠷᠠᠭ᠎ᠠ᠂ ᠡᠯ᠎ᠡ ᠲᠥᠷᠥᠯ ᠤᠨ ᠴᠡᠪᠡᠷᠯᠡᠨ | ᠲᠡᠭᠡᠭᠡᠪᠦᠷᠢᠯᠡᠬᠦ ᠲᠡᠷᠭᠡ ᠬᠥᠰᠬᠡ ᠶᠢ ᠨᠡᠶᠢᠲᠡ 120 ᠭᠠᠷᠤᠶ ᠤᠳᠠᠭ᠎ᠠ ᠬᠥᠳᠡᠯᠭᠡᠵᠦ᠂ ᠬᠤᠭ ᠨᠣᠪᠰᠢ ᠶᠢ ᠳᠤᠷ᠎ᠠ ᠪᠠᠷ ᠢᠶᠠᠨ | ᠬᠠᠶᠠᠭᠰᠠᠨ᠂ ᠡᠯᠳᠡᠪ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ᠂ ᠬᠤᠷᠠᠭᠰᠠᠨ ᠴᠠᠰᠤᠨ ᠤ ᠦᠯᠡᠳᠡᠭᠳᠡᠯ ᠢ 200 ᠭᠠᠷᠤᠶ | ᠴᠡᠪᠡᠷᠯᠡᠪᠡ᠃ | ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠴᠠᠭᠠᠨ ᠰᠠᠷ᠎ᠠ ᠶᠢᠨ ᠬᠤᠭᠤᠴᠠᠭᠠᠨ ᠳᠤ ᠪᠣᠶ ᠪᠣᠯᠤᠭᠰᠠᠨ ᠬᠤᠭ ᠨᠣᠪᠰᠢ ᠶᠢᠨ ᠬᠡᠮᠵᠢᠶ᠎ᠡ | ᠨᠡᠮᠡᠭᠳᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ︽ ᠴᠠᠭ ᠲᠣᠬᠠᠢ ᠳᠤᠨᠢ ᠴᠡᠪᠡᠷᠯᠡᠬᠦ︾ ᠵᠡᠷᠭᠡ ᠠᠰᠠᠭᠤᠳᠠᠯ ᠳᠤ | ᠴᠢᠭᠯᠡᠭᠦᠯᠦᠨ᠂ ᠹᠧᠩ ᠱᠸᠦ ᠰᠢᠶᠠᠩ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | ᠥᠷᠨᠢᠭᠦᠯᠪᠡ᠃ ᠨᠢᠭᠡ ᠲᠠᠯ᠎ᠠ ᠪᠠᠷ᠂ ᠵᠥᠩ ᠴᠧᠩ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠺᠣᠮᠫᠠᠨᠢ ᠶᠢᠨ ᠲᠤᠰᠬᠠᠶ | ᠲᠤᠰᠢᠶᠠᠯᠲᠤ ᠴᠡᠪᠡᠷᠯᠡᠭᠴᠢ ᠶᠢ ᠠᠰᠢᠭᠯᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠥᠳᠡᠭᠡ ᠲᠣᠰᠬᠤᠨ ᠤ ᠭᠤᠤᠯ | ᠵᠠᠮ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠴᠡᠪᠡᠷᠯᠡᠭᠡ ᠬᠢᠬᠦ ᠡᠷᠴᠢᠮ ᠢᠶᠠᠨ ᠴᠢᠩᠭᠠᠷᠠᠭᠤᠯᠵᠤ᠂ ᠬᠤᠭ ᠨᠣᠪᠰᠢ ᠶᠢ ᠡᠳᠦᠷ | ᠪᠦᠷᠢ ᠴᠡᠪᠡᠷᠯᠡᠬᠦ ᠶᠢ ᠦᠨᠡᠨ ᠬᠦ ᠪᠠᠲᠤᠯᠠᠪᠠ︔ ᠨᠥᠭᠦᠭᠡ ᠲᠠᠯ᠎ᠠ ᠪᠠᠷ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ | ᠰᠠᠶᠢᠨ ᠳᠤᠷ᠎ᠠ ᠶᠢᠨ ᠠᠵᠢᠯᠯᠠᠭᠴᠢ ᠵᠢᠴᠢ ᠥᠷᠭᠡᠨ ᠣᠯᠠᠨ ᠲᠦᠮᠡᠨ ᠢ ᠵᠣᠬᠢᠶᠠᠨ ᠪᠠᠶᠢᠭᠤᠯᠤᠨ ᠲᠣᠰᠬᠤᠨ ᠳᠤᠭᠤᠶᠢᠯᠠᠩ ᠤᠨ | ᠵᠠᠮ ᠤᠨ ᠬᠤᠶᠠᠷ ᠬᠠᠵᠠᠭᠤ ᠶᠢᠨ ᠬᠤᠭ ᠨᠣᠪᠰᠢ ᠶᠢ ᠴᠡᠪᠡᠷᠯᠡᠵᠦ᠂ ᠦᠯᠡᠳᠡᠭᠰᠡᠨ ᠬᠤᠷᠠᠭᠰᠠᠨ ᠴᠠᠰᠤᠨ ᠣᠪᠣᠭ᠎ᠠ᠂ ᠡᠯᠳᠡᠪ | ᠪᠣᠳᠠᠰ ᠤᠨ ᠣᠪᠣᠭ᠎ᠠ ᠶᠢ ᠴᠠᠭ ᠲᠤᠬᠠᠶ ᠳᠤᠨᠢ ᠠᠷᠢᠯᠭᠠᠬᠤ ᠶᠢᠨ ᠬᠠᠮᠲᠤ᠂ ᠲᠣᠰᠬᠤᠨ ᠤ ᠠᠷᠠᠳ ᠢ ᠱᠠᠯᠠᠪᠳᠠᠭᠤᠯᠵᠤ ᠪᠠᠶᠢᠭᠠᠳ | ᠥᠪᠡᠷ ᠤᠨ ᠭᠡᠷ ᠤᠨ ᠢᠶᠠᠨ ᠡᠮᠦᠨ᠎ᠡ ᠬᠤᠶᠢᠨᠠᠬᠢ ᠡᠷᠡᠭᠦᠯ ᠬᠠᠮᠠᠭᠠᠯᠠᠯ ᠢ ᠠᠩᠬᠠᠷᠤᠨ ᠴᠡᠪᠡᠷᠯᠡᠵᠦ᠂ ᠬᠥᠳᠡᠭᠡ ᠲᠣᠰᠬᠤᠨ ᠤ | ᠣᠷᠴᠢᠨ ᠲᠣᠭᠤᠷᠢᠨ ᠢ ᠨᠠᠩ ᠴᠡᠪᠡᠷ ᠲᠡᠭᠰᠢ ᠡᠮᠬᠢ ᠵᠢᠷᠤᠮ ᠲᠠᠢ ᠪᠣᠯᠭᠠᠪᠠ᠃ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠹᠧᠩ ᠱᠸᠦ ᠰᠢᠶᠠᠩ ᠨᠢ ᠣᠳᠣ ᠶᠢᠨ ᠭᠠᠭᠴᠠ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢ | ᠴᠢᠬᠤᠯᠠᠴᠢᠯᠠᠬᠤ ᠪᠠᠷ ᠪᠠᠷᠠᠬᠤ ᠦᠭᠡᠢ ᠨᠡᠩ ᠠᠯᠤᠰ ᠬᠡᠳᠦ ᠶᠢ ᠪᠣᠳᠣᠯᠬᠢᠯᠠᠨ᠎ᠠ᠃ ᠡᠯ᠎ᠡ ᠲᠣᠰᠬᠤᠨ ᠲᠤᠰ ᠲᠣᠰᠬᠤᠨ ᠤ | ᠣᠷᠣᠰᠢᠨ ᠰᠠᠭᠤᠭ᠎ᠠ ᠬᠥᠮᠦᠨ ᠠᠮᠠ ᠶᠢ ᠦᠨᠳᠦᠰᠦᠯᠡᠨ ᠵᠣᠬᠢᠬᠤ ᠬᠡᠮᠵᠢᠶᠡᠨ ᠤ ᠨᠡᠶᠢᠲᠡ ᠶᠢᠨ ᠠᠰᠠᠷᠠᠮᠵᠢ ᠶᠢᠨ ᠠᠵᠢᠯ ᠤᠨ | ᠪᠠᠶᠢᠷᠢ ᠶᠢᠨ ᠴᠡᠪᠡᠷᠯᠡᠭᠴᠢ ᠶᠢ ᠰᠣᠩᠭᠤᠨ ᠤᠷᠢᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠪᠡ᠃ ᠡᠯ᠎ᠡ ᠲᠣᠰᠬᠤᠨ ᠤ | ᠴᠡᠪᠡᠷᠯᠡᠭᠴᠢ ᠥᠷᠭᠡᠨ ᠳᠡᠯᠭᠡᠷ ᠤᠬᠠᠭᠤᠯᠭ᠎ᠠ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠬᠤᠭ ᠨᠣᠪᠰᠢ ᠬᠠᠶᠠᠬᠤ | ᠭᠠᠵᠠᠷ ᠪᠠ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠴᠡᠪᠡᠷᠯᠡᠭᠴᠢ ᠶᠢ | ᠲᠣᠭᠲᠠᠭᠰᠠᠨ ᠴᠠᠭ ᠲᠤ ᠴᠡᠪᠡᠷᠯᠡᠵᠦ᠂ ᠣᠯᠠᠨ ᠲᠦᠮᠡᠨ ᠲᠠᠯᠪᠢᠬᠤ᠂ ᠴᠡᠪᠡᠷᠯᠡᠭᠴᠢ ᠴᠤᠭᠯᠠᠭᠤᠯᠬᠤ᠂ ᠣᠷᠴᠢᠨ ᠲᠣᠭᠤᠷᠢᠨ ᠤ | ᠠᠷᠢᠭᠤᠨ ᠴᠡᠪᠡᠷ ᠤᠨ ᠺᠣᠮᠫᠠᠨᠢ ᠶᠢ ᠬᠤᠰᠢᠭᠤᠨ ᠤ ᠨᠢᠭᠡᠳᠦᠯᠲᠡᠶ ᠰᠢᠢᠳᠪᠦᠷᠢᠯᠡᠬᠦ ᠠᠵᠢᠯᠯᠠᠭᠠᠨ ᠤ ᠵᠠᠭᠪᠤᠷ ᠢ ᠪᠣᠶ ᠪᠣᠯᠭᠠᠪᠠ᠃ | ᠹᠧᠩ ᠱᠸᠦ ᠰᠢᠶᠠᠩ ᠤᠨ ᠺᠠᠳ᠋ᠷ ᠣᠯᠠᠨ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠹᠧᠩ ᠱᠸᠦ ᠰᠢᠶᠠᠩ ᠤᠨ | ᠲᠣᠰᠬᠤᠨ ᠤ ᠳᠦᠷᠰᠦ ᠪᠠᠶᠢᠳᠠᠯ ᠴᠣ ᠰᠢᠨ᠎ᠡ ᠪᠠᠶᠢᠳᠠᠯ ᠲᠠᠢ ᠪᠣᠯᠪᠠ᠃ ᠵᠠᠮ ᠴᠡᠪᠡᠷ ᠲᠡᠭᠰᠢ ᠪᠠᠶᠢᠵᠤ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢᠯᠡᠳᠲᠡ ᠰᠠᠶᠢᠵᠢᠷᠠᠵᠤ᠂ ᠲᠣᠰᠬᠤᠨ ᠤ ᠠᠷᠠᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠤᠬᠠᠮᠰᠠᠷ ᠢᠯᠡᠳᠲᠡ ᠴᠢᠩᠭᠠᠷᠠᠪᠠ᠃ ᠲᠣᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ᠬᠥᠳᠡᠭᠡ ᠲᠣᠰᠬᠤᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠲᠣᠰᠬᠤᠨ ᠤ | ᠠᠷᠠᠳ ᠤᠨ ᠨᠢᠭᠲᠠᠷᠠᠯ ᠤᠨ ᠬᠦᠴᠦᠨ ᠪᠠ ᠬᠠᠷᠢᠶᠠᠯᠠᠭᠳᠠᠬᠤ ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃ |