| 3 ᠰᠠᠷ᠎ᠠ ᠶᠢᠨ 6 ᠤ ᠡᠳᠦᠷ᠂ ᠠᠤᠬᠠᠨ ᠬᠤᠰᠢᠭᠤ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ | ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ | ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠪᠠ᠃ ᠬᠡᠷ ᠲᠡᠭᠡᠨ ᠪᠠᠶᠢᠭ᠎ᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ | ᠣᠷᠣᠯᠴᠠᠵᠤ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠲᠦᠷᠦᠭᠦᠯᠡᠨ ᠬᠢᠬᠦ ᠰᠠᠯᠠᠭ᠎ᠠ ᠮᠥᠴᠢᠷ ᠤᠨ ︽ᠵᠢᠷᠭᠤᠭᠠᠨ ᠠᠵᠢᠯᠯᠠᠭ᠎ᠠ︾ ᠶᠢ | ᠨᠠᠶᠢᠳᠠᠪᠤᠷᠢᠵᠢᠭᠤᠯᠤᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠮᠠ ᠯᠢ ᠬᠤᠸᠠ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ | ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠣᠯ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠣᠳᠣᠬᠠᠨ ᠤ ᠪᠠ ᠬᠤᠶᠢᠰᠢᠳᠠ ᠶᠢᠨ ᠬᠡᠰᠡᠭ | ᠬᠤᠭᠤᠴᠠᠭᠠᠨ ᠤ ᠡᠷᠬᠡᠪᠰᠢ ᠰᠠᠶᠢᠲᠤᠷ ᠠᠳᠬᠤᠬᠤ ᠤᠯᠤᠰ ᠲᠦᠷᠦ ᠶᠢᠨ ᠡᠭᠦᠷᠭᠡ ᠮᠥᠨ᠃ ᠪᠥᠬᠦ ᠬᠤᠰᠢᠭᠤᠨ ᠤ | ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ | ᠤᠬᠠᠮᠰᠠᠷ ᠢᠶᠠᠨ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠠ ᠤᠯᠠᠭᠠᠨᠬᠠᠳᠠ | ᠬᠤᠲᠠ ᠶᠢᠨ ︽ᠠᠷᠪᠠᠨ ᠶᠡᠭᠡ ᠠᠵᠢᠯᠯᠠᠭ᠎ᠠ︾ ᠪᠠ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠣᠷᠭᠠᠨᠢᠭ ᠢᠶᠠᠷ | ᠤᠶᠠᠯᠳᠤᠭᠤᠯᠵᠤ᠂ ᠬᠠᠷᠠᠯᠲᠠ ᠠᠷᠭ᠎ᠠ ᠬᠡᠮᠵᠢᠶ᠎ᠡ ᠪᠠ ᠦᠢᠯᠡᠳᠦᠯᠭᠡ ᠶᠢᠨ ᠠᠷᠭ᠎ᠠ ᠵᠠᠮ ᠢ ᠦᠷᠭᠦᠯᠵᠢᠯᠡᠨ | ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ | ᠠᠬᠢᠭᠤᠯᠵᠤ᠂ ᠡᠯ᠎ᠡ ᠱᠠᠲᠤᠨ ᠤ ᠬᠠᠷᠠᠯᠲᠠ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ | ᠬᠤᠰᠢᠭᠤᠨ ᠲᠠᠰ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠵᠦ᠂ ᠡᠮᠦᠨ᠎ᠡ ᠹᠷᠣᠨᠲ ᠲᠤ ᠭᠦᠨᠵᠡᠭᠡᠶᠢᠷᠡᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ | ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ | ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠨᠦᠭᠦᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠶᠢᠳᠠᠪᠤᠷᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠲᠣᠰ ᠲᠣᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠣᠯᠣᠯᠴᠠᠭ᠎ᠠ ᠪᠠᠨ | ᠴᠢᠩᠭᠠᠳᠬᠠᠨ᠂ ᠨᠢᠭᠲᠠ ᠬᠠᠮᠵᠢᠯᠴᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠴᠢᠷᠮᠠᠶᠢᠨ ᠪᠣᠶ | ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠪᠣᠯᠣᠨ ᠤᠯᠠᠭᠠᠨᠬᠠᠳᠠ ᠬᠤᠲᠠ ᠶᠢᠨ ︽ | ᠠᠷᠪᠠᠨ ᠶᠡᠭᠡ ᠠᠵᠢᠯᠯᠠᠭ᠎ᠠ︾ ᠶᠢ ᠬᠡᠷᠡᠭᠵᠢᠭᠦᠯᠦᠨ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠣᠯᠬᠤ ᠶᠢ ᠬᠠᠮᠲᠤᠪᠠᠷ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ / ᠯᠢᠦ ᠪᠠᠢ ᠯᠢ︶ |