ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2025 ᠣᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/10
       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠬᠤᠰᠢᠭᠤᠨ ᠤ ᠪᠦᠬᠦᠯᠢ ᠴᠣᠭᠴᠠ ᠶᠢᠨ ᠪᠣᠳᠠᠲᠤ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠦᠨᠡᠨ ᠠᠴᠠ ᠵᠥᠪ ᠢ ᠡᠷᠢᠵᠦ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠶᠣᠰᠣᠭᠠᠷ᠂ ᠭᠤᠷᠪᠠᠨ ᠠᠷᠭ᠎ᠠ ᠬᠡᠮᠵᠢᠶ᠎ᠡ ᠪᠠᠷ 2025 ᠣᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥᠯ ᠵᠦᠢᠯ ᠤᠨ ᠠᠵᠢᠯ ᠢ ᠲᠥᠯᠥᠪᠵᠢᠭᠦᠯᠦᠨ ᠨᠠᠶᠢᠳᠠᠪᠤᠷᠢᠵᠢᠭᠤᠯᠪᠠ᠃    ᠨᠠᠷᠢᠨ ᠨᠢᠮᠪᠠᠶ ᠲᠥᠷᠥᠯ ᠵᠦᠢᠯ ᠲᠣᠭᠲᠠᠭᠠᠵᠤ᠂ ᠪᠣᠭᠤᠮᠲᠠ ᠶᠢ ᠴᠢᠩᠭ᠎ᠠ ᠠᠳᠬᠤᠨ᠎ᠠ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢ ᠲᠣᠰᠬᠤᠨ ᠤ ᠳᠣᠲᠣᠷᠠᠬᠢ ᠵᠠᠮ᠂ ᠲᠣᠰᠬᠤᠨ ᠤ ᠳᠦᠷᠰᠦ ᠪᠠᠶᠢᠳᠠᠯ ᠢ ᠥᠭᠡᠷᠡᠴᠢᠯᠡᠬᠦ᠂ ᠲᠣᠰᠬᠤᠨ ᠤ ᠳᠣᠲᠣᠷᠠᠬᠢ  ᠨᠦᠬᠡ  ᠳᠠᠯᠠᠩ ᠭᠤᠤ ᠰᠤᠪᠠᠭ ᠵᠡᠷᠭᠡ ᠲᠣᠰᠬᠤᠨ ᠤ ᠠᠷᠠᠳ ᠵᠥᠪᠯᠡᠨ ᠲᠣᠭᠲᠠᠭᠠᠭᠰᠠᠨ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠲᠡᠰᠢ ᠬᠡᠯᠪᠠᠶᠢᠯᠭᠡᠨ᠎ᠡ᠃ ᠲᠥᠷᠥᠯ ᠵᠦᠢᠯ ᠲᠣᠭᠲᠠᠭᠠᠬᠤ ᠳᠤ ᠲᠠᠪᠤᠨ ︽ᠡᠷᠲᠡ︾ ᠶᠢ ᠳᠣᠪᠤᠶᠢᠯᠭᠠᠵᠤ᠂ ᠳᠠᠷᠤᠶ ᠡᠷᠲᠡ ᠲᠥᠯᠥᠪᠵᠢᠭᠦᠯᠵᠦ᠂ ᠡᠷᠲᠡ ᠬᠡᠷᠡᠭ ᠵᠥᠪᠯᠡᠵᠦ᠂ ᠡᠷᠲᠡ ᠲᠥᠷᠥᠯ ᠵᠦᠢᠯ ᠲᠣᠭᠲᠠᠭᠠᠵᠤ᠂ ᠡᠷᠲᠡ ᠠᠵᠢᠯ ᠡᠬᠢᠯᠡᠭᠦᠯᠵᠦ᠂ ᠡᠷᠲᠡ ᠠᠰᠢᠭ  ᠬᠦᠷᠲᠡᠭᠡᠨ᠎ᠡ᠃ ᠵᠢᠷᠭᠤᠭᠠᠨ ︽ᠪᠣᠳᠠᠲᠠᠢ︾ ᠪᠠᠶᠢᠬᠤ ᠶᠢ ᠴᠢᠬᠤᠯᠠᠴᠢᠯᠠᠨ᠎ᠠ᠂ ᠲᠤᠬᠠᠶᠢᠯᠠᠪᠠᠯ ᠲᠥᠷᠥᠯ ᠵᠦᠢᠯ ᠤᠨ ᠪᠠᠶᠢᠷᠢᠰᠢᠭᠤᠯᠤᠯᠲᠠ᠂ ᠲᠥᠷᠥᠯ ᠵᠦᠢᠯ ᠤᠨ ᠬᠡᠪᠴᠢᠶ᠎ᠡ᠂ ᠲᠥᠷᠥᠯ ᠵᠦᠢᠯ ᠤᠨ ᠲᠥᠰᠦᠪ᠂ ᠣᠯᠠᠨ ᠲᠦᠮᠡᠨ ᠤ ᠪᠡᠯᠡ ᠴᠤᠭᠯᠠᠭᠤᠯᠬᠤ᠂ ᠬᠠᠮᠲᠤ ᠶᠢᠨ ᠪᠡᠯᠡ ᠣᠷᠣᠭᠤᠯᠤᠯᠲᠠ᠂ ᠨᠡᠶᠢᠭᠡᠮ ᠤᠨ ᠲᠤᠰᠠᠯᠠᠮᠵᠢ ᠶᠢ ᠪᠣᠳᠠᠲᠠᠶᠢᠵᠢᠭᠤᠯᠬᠤ ᠬᠡᠷᠡᠭᠲᠡᠢ᠃    ᠳᠡᠰ ᠳᠠᠷᠠᠭᠠᠯᠠᠯ ᠢ ᠴᠢᠬᠤᠯᠠᠴᠢᠯᠠᠵᠤ᠂ ᠠᠵᠢᠯᠯᠠᠭᠠᠨ ᠢᠶᠠᠨ  ᠵᠢᠷᠤᠮᠵᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠲᠥᠷᠥᠯ ᠵᠦᠢᠯ ᠪᠣᠯᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠷᠡᠭᠵᠢᠭᠦᠯᠬᠦ ᠶᠠᠪᠤᠴᠠ ᠳᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠳᠠᠯᠠᠨ᠂ ᠨᠢᠭᠡ ᠨᠢᠭᠡ ᠤᠴᠢᠷ ᠶᠠᠪᠤᠳᠠᠯ ᠢᠶᠠᠷ ᠵᠥᠪᠯᠡᠵᠦ ᠲᠣᠭᠲᠠᠭᠠᠭᠰᠠᠨ ᠤ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠪᠦᠬᠦᠨ ᠢ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠦᠨᠡᠨᠬᠦ ᠪᠠᠲᠤᠯᠠᠬᠤ ᠶᠢᠨ  ᠵᠡᠷᠭᠡ ᠪᠠᠷ ᠡᠯ᠎ᠡ ᠵᠦᠢᠯ ᠤᠨ ᠭᠠᠷᠳᠠᠮ ᠢ ᠳᠥᠭᠦᠮᠴᠢᠯᠡᠵᠦ᠂ ᠣᠯᠠᠨ ᠲᠦᠮᠡᠨ ᠳᠤ ᠳᠥᠭᠦᠮ ᠦᠵᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠠᠭ ᠬᠤᠭᠤᠴᠠᠭ᠎ᠠ ᠶᠣᠰᠣᠭᠠᠷ ᠶᠠᠰᠤ ᠴᠢᠨᠠᠷ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠵᠥᠪᠯᠡᠬᠦ ᠵᠦᠢᠯ ᠢ ᠴᠢᠩᠳᠠᠯᠠᠵᠤ᠂ ᠴᠣᠬᠤᠯᠠᠪᠤᠷᠢ ᠶᠢ ᠨᠠᠶᠢᠳᠠᠪᠤᠷᠢᠵᠢᠭᠤᠯᠤᠨ᠎ᠠ᠃ ᠲᠥᠷᠥᠯ ᠵᠦᠢᠯ ᠢ ᠴᠣᠬᠤᠯᠪᠣᠷᠢᠯᠠᠨ ᠬᠠᠷᠢᠭᠤᠯᠬᠤ ᠳᠡᠰ ᠳᠠᠷᠠᠭᠠᠯᠠᠯ ᠢ ᠴᠢᠩᠳᠠᠯᠠᠵᠤ᠂ ᠪᠤᠰᠤᠳᠴᠢ ᠲᠥᠪ ᠭᠤᠤᠯᠴᠢ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠣᠬᠤᠯᠪᠣᠷᠢᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠲᠥᠷᠥᠯ ᠵᠦᠢᠯ ᠲᠣᠭᠲᠠᠭᠠᠬᠤ ᠭᠠᠷᠳᠠᠮ ᠢ ᠲᠡᠭᠦᠯᠳᠡᠷᠵᠢᠭᠦᠯᠵᠦ᠂ ᠴᠣᠬᠤᠯᠪᠣᠷᠢᠯᠠᠨ ᠬᠠᠷᠢᠭᠤᠯᠤᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠦᠷ᠎ᠡ ᠠᠰᠢᠭ ᠢ ᠡᠷᠲᠡ ᠠᠴᠠ ᠪᠠᠳᠠᠷᠠᠭᠤᠯᠬᠤ ᠬᠡᠷᠡᠭᠲᠡᠶ᠃    ᠣᠳᠣᠬᠠᠨ ᠪᠣᠯᠲᠠᠯ᠎ᠠ᠂ 2025 ᠣᠨ ᠳᠤ ᠨᠢᠭᠡᠳᠦᠭᠡᠷ ᠪᠦᠯᠦᠭ ᠤᠨ ᠲᠥᠷᠥᠯ ᠵᠦᠢᠯ ᠢ ᠨᠢᠭᠡᠨᠲᠡ ᠴᠤᠬᠤᠯᠠᠪᠤᠷᠢᠯᠠᠵᠤ᠂ ᠨᠢᠭᠡ ᠨᠢᠭᠡ ᠤᠴᠢᠷ ᠢᠶᠠᠷ ᠵᠥᠪᠯᠡᠬᠦ 30 ᠲᠥᠷᠥᠯ ᠵᠦᠢᠯ ᠢ ᠴᠤᠬᠤᠯᠠᠪᠤᠷᠢᠯᠠᠵᠤ᠂ 16 ᠰᠢᠶᠠᠩ ᠪᠠᠯᠭᠠᠰᠤ ᠰᠤᠮᠤ ᠬᠡᠷᠡᠭ ᠡᠷᠬᠢᠯᠡᠬᠦ ᠭᠠᠵᠠᠷ ᠢ ᠬᠠᠮᠤᠷᠴᠤ᠂ ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 226.18 ᠲᠦᠮᠡᠨ ᠲᠥᠭᠦᠷᠢᠭ ᠴᠤᠬᠤᠯᠠᠪᠤᠷᠢᠯᠠᠬᠤ ᠪᠠᠷ ᠲᠥᠯᠥᠪᠯᠡᠵᠦ ᠪᠣᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号