ᠮᠠᠨ ᠤ ᠬᠤᠰᠢᠭᠤᠨ ᠤ ᠬᠠᠪᠤᠷ ᠤᠨ ᠤᠯᠠᠷᠢᠯ ᠤᠨ ᠰᠤᠷᠭᠠᠨ ᠬᠥᠮᠦᠵᠢᠯ ᠢ ᠬᠥᠳᠡᠭᠡ ᠲᠣᠰᠬᠤᠨ ᠳᠤ ᠬᠦᠷᠭᠡᠬᠦ  ︽  ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠳᠤ ᠬᠦᠷᠬᠦ︾ ᠭᠤᠷᠪᠠᠳᠤᠭᠠᠷ ᠤᠯᠠᠷᠢᠯ  ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2025/4/10
C:\Users\Administrator\Desktop\20.jpg 
    4 ᠰᠠᠷ᠎ᠠ ᠶᠢᠨ 8 ᠤ ᠡᠳᠦᠷ᠂ ᠨᠠᠮ ᠤᠨ ᠬᠢᠴᠢᠶᠡᠯ ᠲᠠᠨ ᠤ ᠳᠡᠷᠭᠡᠳᠡᠬᠢ ᠪᠠᠶᠢᠭ᠎ᠠ ︽ᠤᠨᠤᠯ ᠤᠨ ᠤᠬᠠᠭᠤᠯᠤᠨ ᠲᠠᠶᠢᠯᠪᠤᠷᠢᠯᠠᠬᠤ ᠬᠢᠴᠢᠶᠡᠯ ᠤᠨ ᠲᠠᠩᠬᠢᠮ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠲᠦᠮᠡᠨ ᠡᠷᠦᠬᠡ ᠳᠤ ᠬᠦᠷᠭᠡᠬᠦ︾ ᠬᠠᠪᠤᠷ ᠤᠨ ᠤᠯᠠᠷᠢᠯ ᠤᠨ ᠰᠤᠷᠭᠠᠨ ᠬᠥᠮᠦᠵᠢᠯ ᠢ ᠬᠥᠳᠡᠭᠡ  ᠬᠦᠷᠭᠡᠬᠦ ︽ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠳᠤ  ᠬᠦᠷᠬᠦ︾ ᠭᠤᠷᠪᠠᠳᠤᠭᠠᠷ ᠤᠯᠠᠷᠢᠯ ᠰᠧ ᠳ᠋ᠤᠤ ᠸᠠᠨ ᠽᠢ ᠪᠠᠯᠭᠠᠰᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠵᠢᠩᠬᠢᠨᠢ ᠪᠠᠷ ᠡᠬᠢᠯᠡᠪᠡ᠃    ᠲᠣᠰ ᠡᠭᠡᠯᠵᠢ ᠶᠢᠨ ᠬᠠᠪᠤᠷ ᠤᠨ ᠤᠯᠠᠷᠢᠯ ᠤᠨ ᠰᠤᠷᠭᠠᠨ ᠬᠥᠮᠦᠵᠢᠯ ᠢ ᠬᠥᠳᠡᠭᠡ ᠬᠦᠷᠭᠡᠬᠦ ︽ᠦᠨᠳᠦᠰᠦᠨ ᠱᠠᠲᠤᠨ ᠤ ᠨᠠᠮ ᠤᠨ ᠰᠤᠷᠭᠠᠭᠤᠯᠢ ᠳᠤ ᠬᠦᠷᠬᠦ︾ ᠶᠢ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠠᠴᠠ ᠨᠢᠭᠡᠳᠦᠯᠲᠡᠶ ᠲᠥᠯᠥᠪᠯᠡᠵᠦ᠂ ᠬᠤᠰᠢᠭᠤᠨ ᠤ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠵᠡᠷᠭᠡ ᠨᠢᠭᠡᠴᠡ ᠲᠠᠢ ᠬᠠᠮᠲᠤ ᠪᠠᠷ ᠣᠨᠣᠯ ᠤᠨ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠪᠠ᠃ ᠬᠢᠴᠢᠶᠡᠯ ᠳᠡᠭᠡᠷ᠎ᠡ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠪᠠ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠥᠭᠵᠢᠯᠲᠡ ᠵᠡᠷᠭᠡ ᠬᠢᠴᠢᠶᠡᠯ ᠢ ᠲᠣᠬᠢᠷᠠᠭᠤᠯᠵᠤ᠂ ︽ᠰᠢᠶᠠᠩ ᠪᠠᠯᠭᠠᠰᠤᠨ ᠤ ᠨᠠᠮ ᠤᠨ ᠰᠤᠷᠭᠠᠭᠤᠯᠢ ᠶᠢᠨ ᠭᠤᠤᠯ ᠬᠤᠷᠠᠯ ᠤᠨ ᠲᠠᠯᠠᠪᠠᠶ ᠶᠢᠨ ᠨᠡᠶᠢᠲᠡᠯᠢᠭ ᠲᠣᠰᠬᠤᠨ ᠤ ᠬᠤᠪᠢᠶᠠᠷᠢ ᠬᠤᠷᠠᠯ ᠤᠨ ᠲᠠᠯᠠᠪᠠᠶ︾ ᠶᠢᠨ ᠵᠠᠭᠪᠤᠷ ᠢ ᠬᠡᠷᠡᠭᠯᠡᠨ ᠵᠡᠷᠭᠡ ᠪᠠᠷ ᠬᠢᠴᠢᠶᠡᠯᠯᠡᠪᠡ᠃
C:\Users\Administrator\Desktop\21.jpg
    ᠲᠣᠰ ᠤᠳᠠᠭᠠᠨ ᠤ ᠠᠵᠢᠯᠯᠠᠭ᠎ᠠ ᠨᠢ ᠰᠧ ᠳ᠋ᠤᠤ ᠸᠠᠨ ᠽᠢ ᠪᠠᠯᠭᠠᠰᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢ ᠪᠥᠬᠦ ᠬᠤᠰᠢᠭᠤᠨ ᠤ ︽ᠣᠨᠣᠯ ᠬᠦᠷᠭᠡᠬᠦ︾ ᠠᠩᠬᠠᠨ ᠤ ᠥᠷᠲᠡᠭᠡ ᠪᠣᠯᠭᠠᠪᠠ᠃ ᠲᠥᠪᠯᠡᠷᠡᠭᠦᠯᠬᠦ ᠪᠠ ᠬᠡᠪ ᠤᠨ ᠪᠠᠶᠢᠳᠠᠯ ᠢ ᠤᠶᠠᠯᠳᠤᠭᠤᠯᠬᠤ ᠶᠢ ᠪᠠᠷᠢᠮᠲᠠᠯᠠᠵᠤ᠂ ᠵᠠᠯᠭᠠᠭ᠎ᠠ ᠪᠠᠷ ᠰᠧ ᠳ᠋ᠤᠤ ᠸᠠᠨ ᠽᠢ ᠪᠠᠯᠭᠠᠰᠤ᠂ ᠹᠧᠩ ᠱᠸᠦ ᠰᠢᠶᠠᠩ᠂ ᠬᠤᠸᠠᠩ ᠶᠠᠩ ᠸᠠ ᠪᠠᠯᠭᠠᠰᠤ᠂ ᠰᠧ ᠵᠢᠶᠠ ᠽᠢ ᠪᠠᠯᠭᠠᠰᠤ᠂ ᠰᠢᠨ ᠾᠦᠢ ᠪᠠᠯᠭᠠᠰᠤ ᠵᠡᠷᠭᠡ 5 ᠰᠢᠶᠠᠩ ᠪᠠᠯᠭᠠᠰᠤᠨ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠭᠰᠠᠨ ᠰᠠᠭᠤᠷᠢᠨ ᠳᠡᠭᠡᠷ᠎ᠡ᠂ ᠪᠠᠶᠢᠩᠭᠤᠵᠢᠭᠰᠠᠨ ᠠᠵᠢᠯ ᠤᠨ ᠲᠣᠭᠲᠠᠴᠠ ᠪᠣᠯᠭᠠᠨ ᠲᠣᠭᠲᠠᠪᠤᠷᠢᠵᠢᠭᠤᠯᠤᠨ᠎ᠠ᠃ ᠡᠯ᠎ᠡ ᠨᠢᠭᠡᠴᠡ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠶᠠᠩ ᠪᠠᠯᠭᠠᠰᠤᠨ ᠤ ᠨᠠᠮ ᠤᠨ ᠰᠤᠷᠭᠠᠭᠤᠯᠢ ᠳᠤ ᠲᠦᠰᠢᠭᠯᠡᠨ᠂ ᠰᠤᠷᠭᠠᠨ ᠬᠥᠮᠦᠵᠢᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠬᠢᠴᠢᠶᠡᠯ ᠤᠨ ᠲᠠᠩᠬᠢᠮ ᠳᠤ ᠣᠷᠣᠭᠤᠯᠬᠤ᠂ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠦᠮᠡᠨ ᠡᠷᠦᠬᠡ ᠳᠤ ᠣᠷᠣᠭᠤᠯᠬᠤ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ  ᠠᠬᠢᠭᠤᠯᠤᠨ᠎ᠠ᠃
 C:\Users\Administrator\Desktop\22.jpg
   ᠠᠵᠢᠯᠯᠠᠭ᠎ᠠ ᠠᠴᠠ᠂ ︽ᠶᠠᠭᠤᠨ ᠳᠤ ᠰᠤᠷᠤᠯᠴᠠᠬᠤ︾ ᠶᠢ ᠲᠣᠳᠣᠷᠬᠠᠶᠢᠯᠠᠵᠤ᠂ ᠤᠨᠤᠯ ᠤᠨ ᠰᠤᠷᠤᠯᠴᠠᠯᠭ᠎ᠠ ᠶᠢ ︽ᠨᠠᠰᠤᠨ ᠲᠤᠷᠰᠢᠳᠠ ᠵᠠᠪᠠᠯ ᠰᠤᠷᠬᠤ ᠬᠢᠴᠢᠶᠡᠯ︾ ᠪᠣᠯᠭᠠᠵᠤ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ ᠳᠤᠮᠳᠠ ᠢᠲᠡᠭᠡᠯ ᠪᠢᠰᠢᠷᠡᠯ ᠤᠨ ᠰᠠᠭᠤᠷᠢ ᠪᠠᠨ ᠪᠠᠲᠤᠳᠬᠠᠵᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠳᠤᠮᠳᠠ ᠠᠰᠠᠭᠤᠳᠠᠯ ᠢ  ᠵᠠᠳᠠᠯᠬᠤ ᠠᠷᠭ᠎ᠠ ᠪᠤᠳᠤᠯᠭ᠎ᠠ ᠶᠢ ᠡᠵᠡᠮᠰᠢᠬᠦ ᠬᠡᠷᠡᠭᠲᠡᠢ︔ ︽ᠶᠠᠭᠤ ᠶᠢ ᠰᠤᠷᠤᠯᠴᠠᠬᠤ︾ ᠶᠢ ᠲᠣᠳᠣᠷᠬᠠᠶᠢᠯᠠᠵᠤ᠂ ᠤᠨᠤᠯ ᠤᠨ ᠦᠨᠡᠨ ᠶᠣᠰᠣ ᠶᠢ ᠨᠡᠪᠲᠡᠷᠡᠲᠡᠯ᠎ᠡ ᠣᠶᠢᠯᠠᠭᠠᠵᠤ᠂ ᠦᠢᠯᠡᠳᠦᠯᠭᠡ ᠶᠢᠨ ᠦᠨᠡᠨ ᠮᠡᠳᠡᠯᠭᠡ ᠶᠢ ᠰᠤᠷᠤᠯᠴᠠᠵᠤ᠂ ︽ᠲᠦᠷᠦ ᠶᠢᠨ ᠪᠤᠳᠤᠯᠭ᠎ᠠ ᠶᠢᠨ ᠮᠡᠷᠭᠡᠨ ᠬᠥᠮᠦᠨ︾ ᠪᠣᠯᠬᠤ ᠪᠠᠷ ᠪᠠᠷᠠᠬᠤ ᠦᠭᠡᠢ ᠪᠠᠰᠠ ︽ᠮᠡᠷᠭᠡᠵᠢᠯ ᠤᠨ ᠤᠯᠠᠮᠵᠢᠯᠠᠭᠴᠢ︾ ᠪᠣᠯᠬᠤ ᠶᠢ ᠲᠣᠳᠣᠷᠬᠠᠶᠢᠯᠠᠬᠤ ᠬᠡᠷᠡᠭᠲᠡᠢ︔ ︽ᠶᠠᠭᠠᠬᠢᠵᠤ ᠰᠤᠷᠤᠯᠴᠠᠬᠤ︾ ᠶᠢ ᠲᠣᠳᠣᠷᠬᠠᠶᠢᠯᠠᠵᠤ᠂ ᠬᠡᠷᠡᠭᠴᠡᠭᠡ ᠱᠠᠭᠠᠷᠳᠠᠯᠭ᠎ᠠ ᠶᠢ ᠠᠰᠠᠭᠤᠵᠤ᠂ ᠰᠢᠨ᠎ᠡ ᠶᠢ ᠡᠭᠦᠳᠴᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠰᠤᠷᠤᠯᠴᠠᠬᠤ ᠶᠢᠨ ᠲᠥᠯᠥᠭᠡ ᠰᠤᠷᠤᠯᠴᠠᠬᠤ︾ ᠶᠢ ᠲᠠᠰᠤ ᠵᠣᠭᠰᠣᠭᠠᠵᠤ᠂ ︽ᠰᠤᠷᠤᠯᠴᠠᠬᠤ ᠶᠢᠨ ᠲᠥᠯᠥᠭᠡ ᠬᠡᠷᠡᠭᠯᠡᠬᠦ︾ ᠶᠢ ᠬᠦᠴᠦᠯᠡᠨ ᠠᠬᠢᠭᠤᠯᠬᠤ ᠬᠡᠷᠡᠭᠲᠡᠶ᠃ ︽ᠬᠤᠶᠠᠷ ᠢ ᠬᠤᠪᠢᠷᠠᠭᠤᠯᠬᠤ︾ ᠪᠠᠷ ᠰᠢᠨ᠎ᠡ ᠪᠠᠶᠢᠳᠠᠯ ᠢ ᠡᠭᠦᠳᠴᠦ᠂ ︽ᠤᠨᠤᠯ ᠢ ᠴᠢᠬᠤᠯᠠᠴᠢᠯᠠᠬᠤ︾ ᠠᠴᠠ ︽ᠦᠢᠯᠡᠳᠦᠯᠭᠡ ᠶᠢ ᠴᠢᠬᠤᠯᠠᠴᠢᠯᠠᠬᠤ︾᠂ ︽ᠬᠡᠪ ᠤᠨ ᠪᠠᠶᠢᠳᠠᠯ ᠢ ᠠᠳᠬᠤᠬᠤ︾ ᠶᠢ ︽ᠣᠨᠴᠠᠯᠢᠭ ᠢ ᠡᠭᠦᠳᠬᠦ︾ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠧ ᠳ᠋ᠤᠤ ᠸᠠᠨ ᠽᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠲᠣᠰᠬᠤᠨ ᠳᠤᠭᠤᠶᠢᠯᠠᠩ ᠤᠨ ᠺᠠᠳ᠋ᠷ᠂ ᠨᠠᠮ ᠤᠨ ᠭᠡᠰᠢᠭᠦᠨ ᠤ ᠲᠥᠯᠥᠭᠡᠯᠡᠭᠴᠢ᠂ ᠲᠠᠷᠢᠮᠠᠯ ᠤᠨ ᠡᠷᠦᠬᠡ ᠵᠡᠷᠭᠡ 150 ᠭᠠᠷᠤᠢ ᠬᠥᠮᠦᠨ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃    ︵  ᠰᠤᠷᠪᠤᠯᠵᠢᠯᠠᠭᠴᠢ /  ᠲᠠᠨ ᠬᠤᠸᠠ ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号