ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/4/10
C:\Users\Administrator\Desktop\1.jpg
    ᠣᠶᠢᠷ᠎ᠠ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠳᠤ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠪᠠ᠃    ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠯᠲᠠ ᠨᠢ ᠵᠢᠵᠢᠭ ᠳᠡᠯᠭᠡᠭᠦᠷ᠂ ᠵᠢᠵᠢᠭ ᠬᠤᠳᠠᠯᠳᠤᠭ᠎ᠠ᠂ ᠵᠢᠵᠢᠭ ᠬᠤᠭᠤᠯᠠᠨ ᠬᠡᠷ ᠵᠡᠷᠭᠡ ᠪᠠᠷ ᠭᠤᠤᠯᠳᠠᠯᠭ᠎ᠠ ᠪᠣᠯᠭᠠᠵᠤ᠂ ᠰᠡᠯᠡᠭᠦᠴᠡᠯ ᠤᠨ ᠢᠳᠡᠭᠡᠨ᠂ ᠠᠷᠢᠬᠢ ᠤᠰᠤ ᠤᠮᠳᠠᠭᠠᠨ᠂ ᠮᠢᠬ᠎ᠠ ᠵᠢᠴᠢ ᠮᠢᠬᠠᠨ ᠤ ᠪᠦᠲᠦᠭᠡᠭᠳᠡᠬᠦᠨ᠂ ᠰᠤᠯᠠ ᠰᠠᠪᠠᠯᠠᠭᠰᠠᠨ ᠢᠳᠡᠭᠡᠨ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ ᠃ ᠨᠢᠭᠡ ᠳᠤ ᠂ ᠮᠠᠯᠵᠢᠬᠤ ᠲᠠᠷᠢᠶᠠᠯᠠᠬᠤ ᠣᠷᠣᠨ ᠤ ᠰᠤᠯᠠ ᠰᠠᠪᠠᠯᠠᠭᠰᠠᠨ ᠢᠳᠡᠭᠡᠨ ᠪᠣᠷᠣᠯᠠᠭᠤᠯᠬᠤ ᠱᠣᠰᠢᠭ᠎ᠠ ᠲᠡᠮᠳᠡᠭ ᠨᠢ ᠵᠢᠷᠤᠮᠵᠢᠯ ᠦᠭᠡᠢ᠂ ᠡᠵᠡᠩᠨᠡᠯᠲᠡ ᠶᠢᠨ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠠᠨᠠᠶ᠂ ᠬᠤᠭᠤᠴᠠᠭ᠎ᠠ ᠬᠡᠲᠦᠷᠡᠭᠰᠡᠨ ᠢᠳᠡᠭᠡᠨ ᠢ ᠴᠠᠭ ᠲᠤᠬᠠᠶ ᠳᠤᠨᠢ ᠠᠷᠢᠯᠭᠠᠭᠰᠠᠨ ᠦᠭᠡᠢ ᠵᠡᠷᠭᠡ ᠦᠵᠡᠭᠳᠡᠯ ᠳᠤ ᠪᠠᠶᠢᠴᠠᠭᠠᠯᠲᠠ ᠬᠢᠪᠡ︔ ᠬᠤᠶᠠᠷ ᠲᠤ ᠂ ᠣᠨᠴᠠᠭᠠᠶ ᠢᠳᠡᠭᠡᠨ ᠤ ᠲᠤᠰᠬᠠᠶ ᠲᠣᠭᠤᠷᠢᠭ ᠪᠤᠶᠤ ᠲᠤᠰᠬᠠᠶ ᠯᠠᠩᠭᠦᠶ ᠲᠣᠬᠢᠷᠠᠭᠤᠯᠤᠭᠰᠠᠨ ᠥᠬᠡᠶ᠂ ᠲᠤᠰᠬᠠᠶ ᠲᠣᠭᠤᠷᠢᠭ᠂ ᠲᠤᠰᠬᠠᠶ ᠯᠠᠩᠭᠦᠶ ᠳᠤ ᠰᠠᠨᠠᠭᠤᠯᠤᠮᠵᠢ ᠶᠢᠨ ᠫᠠᠶᠢᠰᠠ ᠲᠣᠬᠢᠷᠠᠭᠤᠯᠤᠭᠰᠠᠨ ᠥᠬᠡᠶ ᠪᠠ ᠬᠡᠷᠡᠭᠯᠡᠭᠡᠨ ᠤ ᠰᠡᠷᠡᠮᠵᠢ ᠶᠢᠨ ᠮᠡᠳᠡᠭᠡ ᠵᠠᠩᠭᠢ ᠲᠣᠬᠢᠷᠠᠭᠤᠯᠤᠭᠰᠠᠨ ᠥᠬᠡᠶ᠂ ᠣᠨᠴᠠᠭᠠᠶ ᠢᠳᠡᠭᠡᠨ ᠤ ᠬᠤᠳᠠᠯ ᠬᠠᠭᠤᠷᠮᠠᠭ ᠤᠬᠠᠭᠤᠯᠭ᠎ᠠ᠂ ᠢᠯᠡ ᠲᠤᠩᠬᠠᠭ ᠭᠠᠷᠭᠠᠬᠤ ᠪᠤᠶᠤ ᠡᠮᠨᠡᠨ ᠵᠠᠰᠠᠬᠤ ᠪᠠ ᠡᠪᠡᠳᠴᠢᠨ ᠡᠮᠭᠡᠭ ᠢ ᠰᠡᠷᠭᠡᠶᠢᠯᠡᠬᠦ ᠦᠢᠯᠡᠳᠦᠯ ᠵᠡᠷᠭᠡ ᠦᠵᠡᠭᠳᠡᠯ ᠳᠤ ᠴᠢᠩᠭ᠎ᠠ ᠴᠣᠬᠢᠯᠲᠠ ᠥᠭᠪᠡ︔ ᠭᠤᠷᠪᠠ ᠳᠤ ᠂ ᠳᠣᠭᠲᠠᠭᠠᠯ ᠠᠴᠠ ᠵᠦᠷᠢᠴᠡᠨ ᠢᠳᠡᠭᠡᠨ ᠤ ᠨᠡᠮᠡᠯᠲᠡ ᠡᠳ᠋ ᠨᠡᠮᠡᠬᠦ᠂ ᠭᠤᠷᠪᠠ ᠦᠭᠡᠢ ᠢᠳᠡᠭᠡᠨ᠂ ᠬᠤᠳᠠᠯ ᠬᠠᠭᠤᠷᠮᠠᠭ ᠮᠠᠭᠤ ᠢᠳᠡᠭᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃    ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭ᠎ᠠ ᠭᠦᠢᠴᠡᠳᠬᠡᠵᠦ᠂ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠦᠢᠯᠡᠳᠪᠦᠷᠢᠯᠡᠯ ᠡᠵᠡᠩᠨᠡᠭᠴᠢ ᠶᠢᠨ ᠬᠠᠤᠯᠢ ᠴᠠᠭᠠᠵᠠ ᠶᠢᠨ ᠤᠬᠠᠮᠰᠠᠷ ᠪᠠ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ︽  ᠰᠦᠷ ᠬᠦᠴᠦᠨᠲᠦ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠳᠥᠯᠭᠢᠨ ᠠᠬᠢᠭᠤᠯᠵᠤ᠂ ᠬᠥᠮᠦᠨ ᠪᠦᠬᠦᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠬᠤ ᠳᠤ ᠣᠷᠣᠯᠴᠠᠬᠤ ᠨᠡᠶᠢᠭᠡᠮ ᠢ ᠬᠠᠮᠲᠤ ᠪᠠᠷ ᠵᠠᠰᠠᠬᠤ ᠠᠭᠤᠷ ᠠᠮᠢᠰᠬᠤᠯ ᠢ ᠪᠣᠶ ᠪᠣᠯᠭᠠᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠲᠠᠰᠤᠷᠠᠯᠲᠠ ᠥᠬᠡᠶ ᠪᠠᠬᠢᠵᠢᠭᠦᠯᠵᠦ᠂ ᠥᠷᠭᠡᠨ ᠣᠯᠠᠨ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号