︽ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠠᠰᠠᠭᠤᠳᠠᠯ︾ ᠤᠨ ᠰᠦᠪᠡᠭᠴᠢ ᠶᠢ ᠴᠤᠭᠯᠠᠭᠤᠯᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/4/11
       ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠥᠬᠡᠶ ᠠᠰᠠᠭᠤᠳᠠᠯ ᠢ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠤᠰᠠᠳᠠ᠂ ᠥᠷᠭᠡᠨ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠡᠳᠦᠭᠡ ᠨᠡᠶᠢᠭᠡᠮ ᠨᠡᠶᠢᠲᠡ ᠠᠴᠠ ᠠᠤᠬᠠᠨ ᠬᠤᠰᠢᠭᠤᠨ ᠤ ᠬᠡᠪᠴᠢᠶᠡᠨ ᠳᠠᠬᠢ ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠥᠬᠡᠶ ᠠᠰᠠᠭᠤᠳᠠᠯ ᠤᠨ ᠰᠦᠪᠡᠭᠴᠢ ᠶᠢ ᠢᠯᠡ ᠪᠠᠷ ᠡᠯᠰᠡᠨ ᠴᠤᠭᠯᠠᠭᠤᠯᠪᠠ᠂ ᠪᠣᠳᠠᠲᠠᠶ ᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄    ᠨᠢᠭᠡ᠂ ᠡᠯᠰᠡᠬᠦ ᠴᠠᠭ    ᠲᠣᠰ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃    ᠬᠤᠶᠠᠷ᠂ ᠢᠯᠡᠴᠢᠯᠡᠨ ᠮᠡᠳᠡᠭᠦᠯᠬᠦ ᠳ᠋ᠢᠶᠠᠩᠬᠤᠸᠠ    ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ 0476—5901929᠂ 0476 —5901989    ᠤᠲᠠᠰᠤ ᠪᠠᠷ ᠢᠯᠡᠴᠢᠯᠡᠨ ᠮᠡᠳᠡᠭᠦᠯᠬᠦ ᠴᠠᠭ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠪᠣᠯᠤᠨ᠎ᠠ᠂ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 14᠄ 30— 17᠄ 30 ᠪᠣᠯᠤᠨ᠎ᠠ᠃    ᠭᠤᠷᠪᠠ᠂ ᠢᠯᠡᠴᠢᠯᠡᠨ ᠮᠡᠳᠡᠭᠦᠯᠬᠦ ᠳᠤ ᠮᠡᠳᠡᠬᠦ  ᠵᠦᠢᠯ    1. ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠠᠷᠠᠳ ᠲᠦᠮᠡᠨ ᠢᠯᠡᠴᠢᠯᠡᠨ ᠮᠡᠳᠡᠭᠦᠯᠬᠦ ᠤᠲᠠᠰᠤ ᠪᠠᠷ ᠦᠨᠡᠨ ᠨᠡᠷ᠎ᠡ ᠪᠤᠶᠤ ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠬᠦ ᠶᠢᠨ ᠬᠠᠮᠲᠤ ᠭᠡᠷᠡᠴᠢ ᠳᠤᠷᠠᠳᠴᠤ ᠪᠣᠯᠤᠨ᠎ᠠ᠂ ᠢᠯᠡᠴᠢᠯᠡᠨ ᠮᠡᠳᠡᠭᠦᠯᠦᠭᠴᠢ ᠠᠯᠢ ᠴᠢᠳᠠᠬᠤ ᠪᠠᠷ ᠠᠰᠠᠭᠤᠳᠠᠯ ᠤᠨ ᠰᠦᠪᠡᠭᠴᠢ ᠶᠢᠨ ᠦᠨᠳᠦᠰᠦᠨ ᠪᠠᠶᠢᠳᠠᠯ᠂ ᠡᠭᠦᠰᠦᠭᠰᠡᠨ ᠴᠠᠭ᠂ ᠭᠠᠵᠠᠷ ᠣᠷᠣᠨ᠂ ᠶᠠᠪᠤᠴᠠ ᠵᠡᠷᠭᠡ ᠭᠤᠤᠯ ᠪᠣᠳᠠᠲᠤ ᠶᠠᠪᠤᠳᠠᠯ ᠤᠨ ᠪᠠᠶᠢᠳᠠᠯ ᠢ ᠪᠥᠬᠦ ᠲᠠᠯ᠎ᠠ ᠪᠠᠷ ᠨᠠᠷᠢᠨ ᠬᠠᠩᠭᠠᠬᠤ ᠬᠡᠷᠡᠭᠲᠡᠶ᠃    2. ᠦᠨᠡᠨ ᠨᠡᠷ᠎ᠡ ᠪᠠᠷ ᠢᠯᠡᠴᠢᠯᠡᠨ ᠮᠡᠳᠡᠭᠦᠯᠬᠦ ᠳᠤ ᠲᠤᠰ ᠬᠥᠮᠦᠨ ᠤ ᠣᠪᠣᠭ ᠨᠡᠷ᠎ᠡ ᠪᠠ ᠬᠠᠷᠢᠯᠴᠠᠬᠤ ᠠᠷᠭ᠎ᠠ ᠮᠠᠶ᠋ᠢᠭ ᠢ ᠬᠠᠩᠭᠠᠬᠤ ᠬᠡᠷᠡᠭᠲᠡᠶ᠃    3 ᠢᠯᠡᠴᠢᠯᠡᠨ ᠮᠡᠳᠡᠭᠦᠯᠦᠭᠰᠡᠨ ᠠᠰᠠᠭᠤᠳᠠᠯ ᠨᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠬᠡᠷᠡᠭᠲᠡᠶ᠂ ᠬᠡᠷᠪᠡ ᠬᠤᠳᠠᠯ ᠬᠠᠭᠤᠷᠮᠠᠭ ᠬᠡᠷᠡᠭ ᠵᠣᠬᠢᠶᠠᠵᠤ᠂ ᠮᠠᠭᠤ ᠰᠠᠨᠠᠭ᠎ᠠ ᠲᠠᠢ ᠪᠠᠷ ᠭᠦᠳᠬᠡᠨ ᠭᠦᠵᠢᠷᠯᠡᠬᠦ ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠢᠯᠡᠴᠢᠯᠡᠨ ᠮᠡᠳᠡᠭᠦᠯᠦᠭᠴᠢ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃    ᠥᠷᠭᠡᠨ ᠣᠯᠠᠨ ᠲᠦᠮᠡᠨ ᠤ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ  ᠪᠠᠶᠢᠨ᠎ᠠ᠃    ᠣᠨᠴᠠᠭᠠᠶᠢᠯᠠᠨ ᠵᠠᠷᠯᠠᠪᠠ    ᠠᠣᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ    2025 ᠣᠨ ᠤ 4 ᠰᠠᠷ᠎ᠠ ᠶᠢᠨ 10 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号