ᠭᠤᠷᠪᠠᠨᠬᠤᠸᠠ ᠪᠠᠯᠭᠠᠰᠤ᠄ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ  ᠤᠨ ᠵᠠᠩᠭᠢᠯᠠᠭ᠎ᠠ ᠶᠢᠨ ᠴᠠᠭ ᠲᠤ ᠲᠠᠷᠢᠶᠠᠯᠠᠩ ᠤᠨ ᠮᠠᠰᠢᠨ ᠢ ᠬᠢᠨᠠᠨ ᠰᠢᠯᠭᠠᠬᠤ ᠠᠵᠢᠯᠯᠠᠭ᠎ᠠ ᠶᠢ ᠬᠥᠳᠡᠭᠡ ᠲᠣᠰᠬᠤᠨ ᠳᠤ  ᠣᠷᠤᠭᠤᠯᠪᠠ
ᠨᠡᠶᠢᠲᠡᠯᠡᠭᠰᠡᠨ ᠴᠠᠭ᠄
2025/4/11
        ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠲᠠᠷᠢᠶᠠᠯᠠᠩ ᠤᠨ ᠮᠠᠰᠢᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠲᠠᠷᠢᠶᠠᠯᠠᠩ ᠤᠨ ᠮᠧᠬᠠᠨᠢᠭ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠯᠠᠩ ᠤᠨ ᠮᠧᠬᠠᠨᠢᠭ ᠤᠨ ᠠᠮᠤᠷ ᠲᠦᠪᠰᠢᠨ᠂ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠪᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠦᠢᠯᠡᠴᠢᠯᠡᠬᠦ ᠶᠢ ᠪᠠᠲᠤᠯᠠᠬᠤ ᠶᠢᠨ ᠲᠥᠯᠥᠭᠡ᠂ ᠭᠤᠷᠪᠠᠨᠬᠤᠸᠠ ᠪᠠᠯᠭᠠᠰᠤ ᠢᠳᠡᠪᠬᠢᠲᠡᠢ ᠬᠥᠳᠡᠯᠦᠯᠴᠡᠵᠦ᠂ ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠬᠤ ᠠᠵᠢᠯᠲᠠᠳ ᠢ ᠵᠣᠬᠢᠶᠠᠨ ᠪᠠᠶᠢᠭᠤᠯᠤᠨ 2025 ᠣᠨ ᠤ ᠲᠠᠷᠢᠶᠠᠯᠠᠩ ᠤᠨ ᠮᠠᠰᠢᠨ ᠢ ᠲᠥᠪᠯᠡᠷᠡᠭᠦᠯᠦᠨ ᠬᠢᠨᠠᠨ ᠰᠢᠯᠭᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ 12 ᠵᠠᠰᠠᠭ ᠵᠠᠬᠢᠷᠭᠠᠨ ᠤ ᠲᠣᠰᠬᠤᠨ ᠤ ᠠᠷᠠᠳ ᠤᠨ ᠵᠥᠪᠯᠡᠯ ᠢ ᠲᠦᠷ ᠴᠠᠭ ᠤᠨ ᠪᠠᠶᠢᠴᠠᠭᠠᠬᠤ ᠴᠡᠭ ᠪᠣᠯᠭᠠᠵᠤ᠂ ᠲᠠᠷᠢᠶᠠᠯᠠᠩ ᠤᠨ ᠮᠠᠰᠢᠨ ᠤ ᠡᠷᠦᠬᠡ ᠳᠤ ᠬᠡᠷ ᠤᠨ ᠡᠭᠦᠳᠡᠨ ᠳᠠᠬᠢ ᠲᠠᠷᠢᠶᠠᠯᠠᠩ ᠤᠨ ᠮᠠᠰᠢᠨ ᠤ ᠬᠢᠨᠠᠨ ᠰᠢᠯᠭᠠᠬᠤ ᠦᠢᠯᠡᠴᠢᠯᠡᠭᠡ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ︽ᠠᠮᠤᠷ ᠲᠦᠪᠰᠢᠨ ᠤ ᠪᠦᠰᠡ︾  ᠪᠦᠰᠡᠯᠡᠵᠦ ᠦᠭᠪᠡ᠃    ᠬᠢᠨᠠᠨ ᠰᠢᠯᠭᠠᠬᠤ ᠲᠤᠬᠠᠶ ᠶᠢᠨ ᠲᠠᠯᠠᠪᠤᠷ ᠲᠤ᠂ ᠠᠵᠢᠯᠲᠠᠳ ︽ᠳᠥᠷᠪᠡ ᠶᠢ  ᠦᠵᠡᠬᠦ᠂ ᠭᠤᠷᠪᠠ ᠶᠢ ᠬᠠᠷᠭᠤᠭᠤᠯᠬᠤ︾ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠂ ᠲᠤᠬᠠᠶᠢᠯᠠᠪᠠᠯ ᠬᠥᠮᠦᠨ᠂ ᠲᠡᠷᠭᠡ᠂ ᠫᠠᠶᠢᠰᠠ᠂ ᠦᠨᠡᠮᠯᠡᠯ ᠢ ᠨᠢᠭᠡᠳ ᠨᠢᠭᠡ ᠪᠠᠷ ᠦᠵᠡᠵᠦ᠂ ᠫᠠᠶᠢᠰᠠ ᠦᠨᠡᠮᠯᠡᠯ ᠤᠨ ᠳ᠋ᠤᠭᠠᠷ᠂  ᠮᠠᠰᠢᠨ ᠤ ᠨᠣᠮᠧᠷ᠂ ᠲᠡᠷᠭᠡᠨ ᠵᠢᠶᠠᠰᠠ ᠶᠢᠨ ᠨᠣᠮᠧᠷ ᠢ ᠨᠠᠷᠢᠯᠢᠭ ᠣᠨᠤᠪᠴᠢᠲᠠᠢ ᠪᠠᠷ  ᠬᠠᠷᠭᠤᠭᠤᠯᠤᠨ᠎ᠠ᠃ ᠲᠠᠷᠢᠶᠠᠯᠠᠩ ᠤᠨ ᠮᠠᠰᠢᠨ ᠤ ᠲᠡᠷᠭᠡ ᠬᠥᠰᠬᠡ ᠶᠢᠨ ᠲᠣᠷᠣᠮᠰᠤᠯᠠᠭᠤᠷ᠂ ᠵᠠᠯᠠᠭᠤᠷ᠂ ᠳ᠋ᠧᠩ ᠤᠨ ᠭᠡᠷᠡᠯ ᠤᠨ ᠰᠢᠰᠲ᠋ᠧᠮ ᠵᠢᠴᠢ ᠠᠮᠤᠷ ᠲᠦᠪᠰᠢᠨ ᠤ ᠲᠥᠬᠦᠭᠡᠷᠦᠮᠵᠢ ᠳᠤ ︽ᠪᠥᠬᠦ ᠲᠠᠯ᠎ᠠ ᠶᠢᠨ ᠪᠠᠶᠢᠴᠠᠭᠠᠯᠲᠠ︾ ᠶᠢ ᠭᠤᠤᠯᠳᠠᠯᠭ᠎ᠠ ᠲᠠᠢ ᠥᠷᠨᠢᠭᠦᠯᠵᠦ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠷᠭᠡ ᠬᠥᠰᠬᠡ  ᠳᠤ ᠠᠵᠢᠯᠲᠠᠳ ᠲᠤᠬᠠᠶ ᠶᠢᠨ ᠲᠠᠯᠠᠪᠤᠷ ᠲᠤ ᠰᠡᠭᠦᠳᠡᠷᠯᠡᠵᠦ᠂ ᠳᠡᠩᠰᠡᠯᠡᠨ ᠲᠡᠮᠳᠡᠭᠯᠡᠵᠦ᠂ ︽ᠲᠷᠠᠺᠲ᠋ᠣᠷ ᠪᠠ ᠬᠠᠳᠤᠵᠤ ᠬᠤᠷᠢᠶᠠᠬᠤ ᠬᠠᠮ ᠮᠠᠰᠢᠨ ᠤ ᠠᠮᠤᠷ ᠲᠦᠪᠰᠢᠨ ᠤ ᠮᠡᠷᠭᠡᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ︾ ᠶᠢ ᠲᠠᠭᠯᠠᠨ ᠪᠢᠴᠢᠵᠦ᠂ ᠡᠭᠦᠨ ᠤ ᠵᠡᠷᠭᠡ ᠳᠤ᠂ ᠡᠯᠧᠺᠲᠷᠣᠨ ᠣᠨ ᠤ ᠪᠠᠶᠢᠴᠠᠭᠠᠯᠲᠠ ᠶᠢᠨ ᠮᠡᠳᠡᠭᠡ ᠵᠠᠩᠭᠢ ᠶᠢ ᠣᠷᠤᠭᠤᠯᠪᠠ᠃ ︽ᠲᠤᠬᠠᠶ ᠶᠢᠨ ᠲᠠᠯᠠᠪᠤᠷ ᠲᠤ ᠰᠢᠯᠭᠠᠨ  ᠪᠠᠶᠢᠴᠠᠭᠠᠬᠤ + ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ︾ ᠠᠵᠢᠯ ᠤᠨ ᠲᠣᠭᠲᠠᠴᠠ ᠪᠠᠷ ᠳᠠᠮᠵᠢᠭᠤᠯᠤᠨ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠲᠠᠷᠢᠶᠠᠯᠠᠩ ᠤᠨ ᠮᠠᠰᠢᠨ ᠤ ᠡᠷᠦᠬᠡ ᠶᠢ ᠰᠡᠯᠪᠢᠨ ᠵᠠᠰᠠᠵᠤ ᠴᠡᠭᠴᠡᠯᠡᠨ ᠰᠠᠶᠢᠵᠢᠷᠠᠭᠤᠯᠵᠤ ᠪᠠᠶᠢᠴᠠᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ  ᠠᠵᠢᠯᠯᠠᠭᠤᠯᠵᠤ᠂ ᠲᠠᠷᠢᠶᠠᠯᠠᠩ ᠤᠨ ᠮᠠᠰᠢᠨ ᠲᠡᠷᠭᠡ ᠶᠢᠨ ︽  ᠵᠠᠰᠠᠯᠲᠠ ᠲᠠᠢ ᠪᠠᠷ ᠠᠵᠢᠯ ᠤᠨ ᠪᠠᠶᠢᠷᠢ ᠳᠤ ᠭᠠᠷᠬᠤ︾ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ᠃ ᠣᠲᠣ ᠪᠣᠯᠲᠠᠯ᠎ᠠ᠂ ᠨᠢᠭᠡᠨᠲᠡ 360 ᠬᠤᠪᠢ ︽ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠤᠨ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠵᠤ᠂ 25 ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠪᠠ᠃    ᠲᠣᠰ ᠤᠳᠠᠭᠠᠨ ᠤ ᠲᠠᠷᠢᠶᠠᠯᠠᠩ ᠤᠨ ᠮᠠᠰᠢᠨ ᠤ ᠣᠨ ᠤ ᠬᠢᠨᠠᠯᠲᠠ ᠶᠢᠨ ᠠᠵᠢᠯᠯᠠᠭ᠎ᠠ ᠶᠢ ᠬᠥᠳᠡᠭᠡ ᠲᠣᠰᠬᠤᠨ  ᠳᠤ ᠬᠦᠷᠭᠡᠬᠦ ᠠᠵᠢᠯᠯᠠᠭ᠎ᠠ ᠳᠤ ᠭᠤᠷᠪᠠᠨᠬᠤᠸᠠ ᠪᠠᠯᠭᠠᠰᠤᠨ ᠤ ᠲᠠᠷᠢᠶᠠᠯᠠᠩ ᠤᠨ ᠮᠠᠰᠢᠨ ᠤ ᠠᠵᠢᠯ ᠤᠨ ᠪᠠᠶᠢᠷᠢ  ᠶᠢᠨ ᠠᠵᠢᠯᠴᠢᠨ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠦᠢᠯᠡᠴᠢᠯᠡᠵᠦ᠂ ᠪᠠᠯᠭᠠᠰᠤᠨ ᠤ ᠲᠠᠰ ᠤᠨ ᠲᠠᠷᠢᠶᠠᠯᠠᠩ ᠤᠨ ᠮᠠᠰᠢᠨ ᠤ ᠲᠡᠷᠭᠡ ᠬᠥᠰᠬᠡ ᠶᠢ ᠬᠢᠨᠠᠨ ᠰᠢᠯᠭᠠᠬᠤ  ᠦᠢᠯᠡᠴᠢᠯᠡᠭᠡᠨ ᠤ ᠴᠡᠭ ᠤᠨ ᠠᠵᠢᠯ ᠢ ᠲᠦᠷ ᠵᠣᠭᠰᠣᠭᠠᠵᠤ᠂ ᠡᠯ᠎ᠡ ᠲᠣᠰᠬᠤᠨ ᠳᠤ ᠭᠦᠨᠵᠡᠭᠡᠶᠢᠷᠡᠨ᠂ ᠲᠠᠷᠢᠶᠠᠯᠠᠩ ᠤᠨ ᠮᠠᠰᠢᠨ ᠤ ᠡᠷᠦᠬᠡ ᠶᠢᠨ ᠣᠶᠢᠷ᠎ᠠ ᠬᠠᠪᠢ ᠳᠠᠭᠠᠨ ᠲᠠᠷᠢᠶᠠᠯᠠᠩ ᠤᠨ ᠮᠠᠰᠢᠨ ᠤ ᠲᠡᠷᠭᠡ ᠬᠥᠰᠬᠡ ᠶᠢ ᠬᠢᠨᠠᠨ ᠰᠢᠯᠭᠠᠵᠤ᠂ ᠴᠠᠭ ᠪᠠ ᠵᠠᠮ ᠬᠠᠷᠢᠯᠴᠠᠭᠠᠨ ᠤ ᠥᠪᠡᠷ ᠤᠨ ᠥᠷᠲᠡᠭ ᠢ ᠠᠷᠪᠢᠯᠠᠵᠤ᠂ ᠲᠠᠷᠢᠶᠠᠯᠠᠩ ᠤᠨ ᠮᠠᠰᠢᠨ ᠤ ᠠᠵᠢᠯ ᠤᠨ ᠠᠮᠤᠷ ᠲᠦᠪᠰᠢᠨ ᠢ ᠪᠠᠲᠤᠯᠠᠪᠠ᠃ ᠣᠳᠣᠬᠠᠨ ᠳᠤ᠂ ᠭᠤᠷᠪᠠᠨᠬᠤᠸᠠ ᠪᠠᠯᠭᠠᠰᠤ ᠨᠢᠭᠡᠨᠲᠡ 8 ᠵᠠᠰᠠᠭ ᠵᠠᠬᠢᠷᠭᠠᠨ ᠤ ᠲᠣᠰᠬᠤᠨ ᠤ ᠲᠠᠷᠢᠶᠠᠯᠠᠩ ᠤᠨ ᠮᠠᠰᠢᠨ ᠢ ᠲᠥᠪᠯᠡᠷᠡᠭᠦᠯᠦᠨ ᠬᠢᠨᠠᠨ ᠰᠢᠯᠭᠠᠬᠤ ᠠᠵᠢᠯ ᠢ ᠪᠡᠶᠡᠯᠡᠭᠦᠯᠵᠦ᠂ 360 ᠲᠠᠷᠢᠶᠠᠯᠠᠩ ᠤᠨ ᠮᠠᠰᠢᠨ ᠢ ᠰᠢᠯᠭᠠᠨ ᠪᠠᠶᠢᠴᠠᠭᠠᠵᠤ᠂ ᠵᠢᠱᠢᠯᠲᠡ ᠪᠠᠷ 3 ᠡᠳᠦᠷ ᠤᠨ ᠳᠣᠲᠣᠷ᠎ᠠ ᠦᠯᠡᠳᠡᠭᠰᠡᠨ 4 ᠵᠠᠰᠠᠭ ᠵᠠᠬᠢᠷᠭᠠᠨ ᠤ ᠲᠣᠰᠬᠤᠨ ᠤ ᠲᠠᠷᠢᠶᠠᠯᠠᠩ ᠤᠨ ᠮᠠᠰᠢᠨ ᠢ ᠬᠢᠨᠠᠨ ᠰᠢᠯᠭᠠᠬᠤ ᠠᠵᠢᠯ ᠢ ᠳᠠᠭᠤᠰᠬᠠᠨ᠎ᠠ᠃ ᠳᠠᠷᠠᠭᠠᠴᠢ ᠶᠢᠨ ᠠᠯᠬᠤᠮ ᠳᠤ᠂ ᠭᠤᠷᠪᠠᠨᠬᠤᠸᠠ ᠪᠠᠯᠭᠠᠰᠤ ᠬᠢᠨᠠᠯᠲᠠ ᠳᠤ ᠣᠷᠣᠯᠴᠠᠭᠰᠠᠨ ᠦᠭᠡᠢ ᠲᠠᠷᠢᠶᠠᠯᠠᠩ ᠤᠨ ᠮᠠᠰᠢᠨ ᠳᠤ ᠴᠢᠭᠯᠡᠭᠦᠯᠦᠨ ᠨᠥᠬᠦᠵᠦ ᠪᠠᠶᠢᠴᠠᠭᠠᠯᠲᠠ ᠬᠢᠵᠦ᠂ ᠠᠵᠢᠯᠲᠠᠳ ᠢ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ ᠲᠣᠭᠤᠷᠢᠨ ᠪᠠᠶᠢᠴᠠᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠦᠬᠦ ᠲᠠᠯ᠎ᠠ ᠪᠠᠷ ᠰᠠᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号