ᠰᠢᠨ ᠾᠦᠢ ᠬᠤᠲᠠ ᠲᠣᠭᠤᠷᠢᠭ ᠤᠨ ᠬᠤᠲᠠ ᠶᠢᠨ ᠶᠠᠪᠤᠳᠠᠯ ᠤᠨ ᠵᠠᠮ ᠤᠨ ᠡᠪᠳᠡᠭᠳᠡᠭᠰᠡᠨ ᠬᠡᠰᠡᠭ ᠢ ᠰᠡᠯᠪᠢᠨ ᠵᠠᠰᠠᠬᠤ ᠢᠨᠵᠧᠨᠧᠷᠢᠩ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2025/4/11
        4 ᠰᠠᠷ᠎ᠠ ᠶᠢᠨ 10 ᠤ ᠡᠳᠦᠷ ᠂ ᠰᠢᠨ ᠾᠦᠢ ᠬᠤᠲᠠ ᠲᠣᠭᠤᠷᠢᠭ ᠤᠨ ᠬᠤᠲᠠ ᠶᠢᠨ ᠵᠠᠰᠠᠭ ᠤᠨ ᠣᠷᠳᠣᠨ ᠤ ᠵᠠᠮ ᠬᠠᠷᠢᠯᠴᠠᠭᠠᠨ ᠤ ᠡᠪᠳᠡᠷᠡᠵᠦ ᠰᠦᠢᠲᠦᠭᠰᠡᠨ ᠢ ᠰᠡᠯᠪᠢᠨ ᠵᠠᠰᠠᠬᠤ ᠢᠨᠵᠧᠨᠧᠷᠢᠩ ᠵᠢᠩᠬᠢᠨᠢ ᠪᠠᠷ ᠠᠵᠢᠯ ᠡᠬᠢᠯᠡᠪᠡ᠃ ᠰᠢᠨ ᠾᠦᠢ ᠬᠤᠲᠠ ᠲᠣᠭᠤᠷᠢᠭ ᠤᠨ ᠬᠡᠰᠡᠭ ᠬᠤᠲᠠ ᠶᠢᠨ ᠶᠠᠪᠤᠳᠠᠯ ᠤᠨ ᠵᠠᠮ ᠪᠠᠶᠢᠭᠤᠯᠤᠬᠳᠠᠬᠰᠡᠨ ᠣᠨ ᠵᠢᠯ ᠤᠷᠲᠤ ᠤᠳᠠᠭᠠᠨ ᠪᠠᠶᠢᠵᠤ᠂ ᠬᠦᠮᠦᠨ ᠮᠠᠰᠢᠨ ᠲᠡᠷᠭᠡᠨ ᠤ ᠣᠷᠣᠰᠬᠠᠯ ᠢ ᠤᠷᠲᠤ ᠬᠤᠭᠤᠴᠠᠭ᠎ᠠ ᠪᠠᠷ ᠲᠠᠭᠠᠭᠠᠵᠤ᠂  ᠤᠳᠠᠭᠠᠨ ᠵᠢᠯ ᠠᠴᠠ ᠪᠣᠯᠵᠤ ᠵᠠᠮ ᠤᠨ ᠨᠢᠭᠤᠷ ᠬᠦᠨᠳᠦ ᠨᠣᠴᠢᠲᠠᠢ ᠡᠪᠳᠡᠭᠳᠡᠵᠦ᠂ ᠬᠤᠲᠣᠭᠤᠷ ᠭᠠᠵᠠᠷ ᠵᠡᠷᠭᠡ ᠠᠰᠠᠭᠤᠳᠠᠯ ᠠᠴᠠ ᠪᠣᠯᠵᠤ᠂ ᠲᠡᠷᠭᠡ ᠬᠥᠰᠬᠡ ᠵᠢᠴᠢ ᠶᠠᠪᠠᠭᠠᠨ ᠬᠦᠮᠦᠨ ᠤ ᠶᠠᠪᠣᠬᠤ ᠳᠤ ᠳᠥᠭᠦᠮ ᠦᠭᠡᠢ ᠂ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠪᠠ᠃ ᠥᠷᠭᠡᠨ ᠣᠯᠠᠨ ᠰᠠᠭᠤᠭᠠᠯᠢ ᠠᠷᠠᠳ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠵᠠᠮ ᠵᠠᠰᠠᠬᠤ ᠲᠤᠯᠭᠠᠮ᠎ᠠ ᠱᠠᠭᠠᠷᠳᠠᠯᠭ᠎ᠠ ᠪᠠᠨ ᠢᠯᠡᠳᠬᠡᠪᠡ᠃    ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ ᠵᠠᠮ ᠢ ᠰᠡᠯᠪᠢᠨ ᠵᠠᠰᠠᠬᠤ ᠢᠨᠵᠧᠨᠧᠷᠢᠩ ᠢ ᠦᠳᠲᠡᠷ ᠲᠦᠷᠭᠡᠨ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠠᠵᠢᠯᠲᠠᠳ ᠢᠶᠠᠨ ᠵᠣᠬᠢᠶᠠᠨ ᠪᠠᠶᠢᠭᠤᠯᠤᠨ ᠬᠤᠲᠠ ᠶᠢᠨ ᠲᠣᠭᠤᠷᠢᠭ ᠤᠨ ᠵᠠᠮ ᠳᠤ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠵᠦ᠂ ᠡᠪᠳᠡᠭᠳᠡᠭᠰᠡᠨ ᠵᠠᠮ ᠤᠨ ᠬᠡᠰᠡᠭ ᠵᠢᠴᠢ ᠬᠤᠬᠢᠷᠠᠭᠰᠠᠨ ᠬᠡᠮᠵᠢᠶ᠎ᠡ ᠶᠢ ᠣᠨᠣᠪᠴᠢᠲᠠᠶ ᠪᠠᠶᠢᠷᠢ ᠲᠣᠭᠲᠠᠭᠠᠬᠤ ᠶᠢᠨ ᠬᠠᠮᠲᠤ ᠵᠠᠮ ᠤᠨ ᠭᠠᠳᠠᠷᠭᠤ ᠶᠢᠨ ᠡᠪᠳᠡᠷᠡᠵᠦ ᠰᠦᠢᠳᠦᠭᠰᠡᠨ ᠣᠷᠣᠨ ᠪᠦᠰᠡ ᠳᠤ ᠪᠠᠶᠢᠷᠢ ᠲᠣᠭᠲᠠᠭᠠᠵᠤ ᠰᠡᠭᠦᠳᠡᠷᠯᠡᠬᠦ ᠪᠠ ᠬᠡᠮᠵᠢᠯᠲᠡ ᠬᠢᠪᠡ᠃ ᠡᠮᠦᠨᠡᠬᠢ ᠬᠤᠭᠤᠴᠠᠭᠠᠨ ᠤ ᠲᠤᠭ᠎ᠠ ᠪᠠᠷᠢᠮᠲᠠ ᠶᠢᠨ ᠪᠦᠷᠢᠳᠬᠡᠯ ᠤᠨ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠡᠳ᠋ ᠤᠨ ᠵᠠᠰᠠᠭ ᠤᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠤᠯᠬᠤ ᠪᠠᠷ ᠴᠢᠷᠮᠠᠶᠢᠬᠤ ᠶᠢᠨ ᠬᠠᠮᠲᠤ ᠠᠭᠤᠷ ᠠᠮᠢᠰᠬᠤᠯ ᠳᠤᠯᠠᠭᠠᠷᠠᠬᠤ ᠠᠰᠢᠭᠲᠠᠶ ᠨᠥᠬᠦᠴᠡᠯ ᠢ ᠠᠰᠢᠭᠯᠠᠨ᠂ ᠪᠠᠷᠢᠯᠭ᠎ᠠ ᠶᠢᠨ ᠡᠩᠨᠡᠭᠡ ᠶᠢ ᠰᠢᠮᠳᠠᠭᠤᠯᠵᠤ ᠪᠠᠶᠢᠭᠠᠳ ᠴᠠᠭ ᠲᠤᠬᠠᠶ ᠳᠤᠨᠢ ᠲᠠᠯᠠᠪᠠᠶ ᠳᠤ ᠣᠷᠣᠭᠤᠯᠤᠨ ᠪᠠᠷᠢᠯᠭ᠎ᠠ ᠶᠢᠨ ᠠᠵᠢᠯ ᠢ ᠡᠬᠢᠯᠡᠭᠦᠯᠪᠡ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠷᠢᠯᠭ᠎ᠠ ᠶᠢᠨ ᠥᠨᠳᠥᠷ ᠪᠦᠲᠦᠮᠵᠢᠲᠡᠶ ᠪᠥᠭᠡᠳ ᠴᠢᠨᠠᠷ ᠰᠠᠶᠢᠲᠠᠶ ᠪᠠᠶᠢᠳᠠᠯ ᠢᠶᠠᠷ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号