| ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠥᠬᠡᠶ ᠠᠰᠠᠭᠤᠳᠠᠯ ᠢ ᠴᠡᠭᠴᠡᠯᠡᠨ | ᠵᠠᠰᠠᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠶᠢᠨ ᠲᠤᠰᠠᠳᠠ᠂ ᠥᠷᠭᠡᠨ ᠣᠯᠠᠨ ᠲᠦᠮᠡᠨ ᠤ ᠪᠠᠶᠢᠳᠠᠯ ᠢ | ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠠᠷᠠᠳ ᠣᠯᠠᠨ ᠤ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠡᠳᠦᠭᠡ ᠨᠡᠶᠢᠭᠡᠮ ᠨᠡᠶᠢᠲᠡ ᠠᠴᠠ ᠠᠤᠬᠠᠨ ᠬᠤᠰᠢᠭᠤᠨ ᠤ | ᠬᠡᠪᠴᠢᠶᠡᠨ ᠳᠠᠬᠢ ᠨᠡᠶᠢᠭᠡᠮ ᠤᠨ ᠠᠪᠤᠷᠠᠨ ᠲᠤᠰᠠᠯᠠᠯᠲᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠥᠬᠡᠶ | ᠠᠰᠠᠭᠤᠳᠠᠯ ᠤᠨ ᠰᠦᠪᠡᠭᠴᠢ ᠶᠢ ᠢᠯᠡ ᠪᠠᠷ ᠡᠯᠰᠡᠨ ᠴᠤᠭᠯᠠᠭᠤᠯᠪᠠ᠂ ᠪᠣᠳᠠᠲᠠᠶ ᠠᠭᠤᠯᠭ᠎ᠠ ᠶᠢ ᠳᠣᠤᠷᠠᠬᠢ ᠮᠡᠲᠦ | ᠵᠠᠷᠯᠠᠶ᠎ᠠ᠄ | ᠨᠢᠭᠡ᠂ ᠡᠯᠰᠡᠬᠦ ᠴᠠᠭ | ᠲᠣᠰ ᠡᠳᠦᠷ ᠠᠴᠠ ᠡᠬᠢᠯᠡᠨ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠃ | ᠬᠤᠶᠠᠷ᠂ ᠢᠯᠡᠴᠢᠯᠡᠨ ᠮᠡᠳᠡᠭᠦᠯᠬᠦ ᠳ᠋ᠢᠶᠠᠩᠬᠤᠸᠠ | ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ 0476—5901929᠂ 0476 — | 5901989 | ᠤᠲᠠᠰᠤ ᠪᠠᠷ ᠢᠯᠡᠴᠢᠯᠡᠨ ᠮᠡᠳᠡᠭᠦᠯᠬᠦ ᠴᠠᠭ ᠨᠢ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ | ᠪᠣᠯᠤᠨ᠎ᠠ᠂ ᠦᠳᠡ ᠶᠢᠨ ᠡᠮᠦᠨ᠎ᠡ 9᠄ 00—12᠄ 00᠂ ᠦᠳᠡ ᠶᠢᠨ ᠬᠤᠶᠢᠨ᠎ᠠ 14᠄ 30— 17᠄ 30 | ᠪᠣᠯᠤᠨ᠎ᠠ᠃ | ᠭᠤᠷᠪᠠ᠂ ᠢᠯᠡᠴᠢᠯᠡᠨ ᠮᠡᠳᠡᠭᠦᠯᠬᠦ ᠳᠤ ᠮᠡᠳᠡᠬᠦ ᠵᠦᠢᠯ | 1. ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠠᠷᠠᠳ ᠲᠦᠮᠡᠨ ᠢᠯᠡᠴᠢᠯᠡᠨ ᠮᠡᠳᠡᠭᠦᠯᠬᠦ ᠤᠲᠠᠰᠤ ᠪᠠᠷ | ᠦᠨᠡᠨ ᠨᠡᠷ᠎ᠡ ᠪᠤᠶᠤ ᠨᠡᠷ᠎ᠡ ᠪᠤᠷᠤᠭᠤᠯᠠᠵᠤ ᠢᠯᠡᠴᠢᠯᠡᠨ ᠮᠡᠳᠡᠭᠦᠯᠬᠦ ᠶᠢᠨ ᠬᠠᠮᠲᠤ ᠭᠡᠷᠡᠴᠢ ᠳᠤᠷᠠᠳᠴᠤ ᠪᠣᠯᠤᠨ᠎ᠠ᠂ | ᠢᠯᠡᠴᠢᠯᠡᠨ ᠮᠡᠳᠡᠭᠦᠯᠦᠭᠴᠢ ᠠᠯᠢ ᠴᠢᠳᠠᠬᠤ ᠪᠠᠷ ᠠᠰᠠᠭᠤᠳᠠᠯ ᠤᠨ ᠰᠦᠪᠡᠭᠴᠢ ᠶᠢᠨ ᠦᠨᠳᠦᠰᠦᠨ ᠪᠠᠶᠢᠳᠠᠯ᠂ | ᠡᠭᠦᠰᠦᠭᠰᠡᠨ ᠴᠠᠭ᠂ ᠭᠠᠵᠠᠷ ᠣᠷᠣᠨ᠂ ᠶᠠᠪᠤᠴᠠ ᠵᠡᠷᠭᠡ ᠭᠤᠤᠯ ᠪᠣᠳᠠᠲᠤ ᠶᠠᠪᠤᠳᠠᠯ ᠤᠨ ᠪᠠᠶᠢᠳᠠᠯ ᠢ ᠪᠥᠬᠦ ᠲᠠᠯ᠎ᠠ ᠪᠠᠷ | ᠨᠠᠷᠢᠨ ᠬᠠᠩᠭᠠᠬᠤ ᠬᠡᠷᠡᠭᠲᠡᠶ᠃ | 2. ᠦᠨᠡᠨ ᠨᠡᠷ᠎ᠡ ᠪᠠᠷ ᠢᠯᠡᠴᠢᠯᠡᠨ ᠮᠡᠳᠡᠭᠦᠯᠬᠦ ᠳᠤ ᠲᠤᠰ ᠬᠥᠮᠦᠨ ᠤ ᠣᠪᠣᠭ ᠨᠡᠷ᠎ᠡ ᠪᠠ ᠬᠠᠷᠢᠯᠴᠠᠬᠤ ᠠᠷᠭ᠎ᠠ | ᠮᠠᠶ᠋ᠢᠭ ᠢ ᠬᠠᠩᠭᠠᠬᠤ ᠬᠡᠷᠡᠭᠲᠡᠶ᠃ | 3 ᠢᠯᠡᠴᠢᠯᠡᠨ ᠮᠡᠳᠡᠭᠦᠯᠦᠭᠰᠡᠨ ᠠᠰᠠᠭᠤᠳᠠᠯ ᠨᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ | ᠬᠡᠷᠡᠭᠲᠡᠶ᠂ ᠬᠡᠷᠪᠡ ᠬᠤᠳᠠᠯ ᠬᠠᠭᠤᠷᠮᠠᠭ ᠬᠡᠷᠡᠭ ᠵᠣᠬᠢᠶᠠᠵᠤ᠂ ᠮᠠᠭᠤ ᠰᠠᠨᠠᠭ᠎ᠠ ᠲᠠᠢ ᠪᠠᠷ ᠭᠦᠳᠬᠡᠨ ᠭᠦᠵᠢᠷᠯᠡᠬᠦ | ᠦᠵᠡᠭᠳᠡᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠢᠯᠡᠴᠢᠯᠡᠨ ᠮᠡᠳᠡᠭᠦᠯᠦᠭᠴᠢ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠨᠡᠬᠡᠮᠵᠢᠯᠡᠨ᠎ᠡ᠃ | ᠥᠷᠭᠡᠨ ᠣᠯᠠᠨ ᠲᠦᠮᠡᠨ ᠤ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | ᠣᠨᠴᠠᠭᠠᠶᠢᠯᠠᠨ ᠵᠠᠷᠯᠠᠪᠠ | ᠠᠣᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | 2025 ᠣᠨ ᠤ 4 ᠰᠠᠷ᠎ᠠ ᠶᠢᠨ 10 ᠤ ᠡᠳᠦᠷ |