ᠣᠶᠢᠷ᠎ᠠ ᠳᠤ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯᠤᠨ ᠪᠡᠭᠡᠵᠢᠩ ᠬᠤᠲᠠ ᠶᠢᠨ | ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠤᠬᠠᠭᠠᠨ ᠤ ᠬᠡᠯᠲᠡᠰ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠵᠢᠩᠬᠢᠨᠢ ᠪᠠᠷ ᠲᠣᠭᠲᠠᠵᠤ᠂ ︽ᠨᠢᠭᠡ ᠨᠠᠰᠤᠲᠠᠨ ᠨᠢᠭᠡ ᠪᠠᠭ᠎ᠠ︾ | ᠬᠠᠮᠲᠤᠯᠢᠭ ᠤᠨ ᠬᠡᠷᠡᠭᠴᠡᠭᠡ ᠱᠠᠭᠠᠷᠳᠠᠯᠭ᠎ᠠ ᠳᠤ ᠭᠤᠤᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠤᠰᠬᠠᠶ ᠮᠡᠷᠭᠡᠵᠢᠯ ᠤᠨ ᠴᠢᠳᠠᠪᠤᠷᠢ ᠣᠯᠭᠤᠬᠤ᠂ ᠦᠢᠯᠡᠴᠢᠯᠡᠭᠡᠨ ᠤ ᠰᠢᠨ᠎ᠡ ᠶᠢ | ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠠᠵᠢᠯᠲᠠᠨ ᠤ ᠠᠵᠢᠯ ᠮᠡᠷᠭᠡᠵᠢᠯ ᠤᠨ ᠬᠢᠷᠢ ᠲᠦᠪᠰᠢᠨ ᠬᠢᠭᠡᠳ ᠦᠢᠯᠡᠴᠢᠯᠡᠭᠡᠨ ᠤ ᠴᠢᠳᠠᠪᠤᠷᠢ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠤᠬᠠᠨ ᠬᠤᠰᠢᠭᠤᠨ ᠤ ᠨᠠᠩ ᠪᠦᠷᠢᠨ ᠲᠡᠭᠦᠯᠳᠡᠷ᠂ ᠥᠨᠳᠥᠷ ᠪᠦᠲᠦᠮᠵᠢᠲᠡᠶ | ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠪᠠᠶᠢᠷᠢᠰᠢᠯ ᠢ ᠪᠠᠶᠢᠭᠤᠯᠬᠤ ᠳᠤ ᠬᠦᠴᠦᠨ ᠨᠡᠮᠡᠷᠢᠯᠡᠪᠡ᠃ | ᠲᠣᠰ ᠤᠳᠠᠭᠠᠨ ᠤ ᠬᠠᠮᠲᠤᠷᠠᠯᠴᠠᠭ᠎ᠠ ᠨᠢ ︽ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠬᠦ᠂ ᠨᠡᠶᠢᠭᠡᠮ ᠳᠤ ᠦᠢᠯᠡᠴᠢᠯᠡᠬᠦ︾ ᠪᠠᠷ ᠵᠠᠷᠴᠢᠮ ᠪᠣᠯᠭᠠᠵᠤ᠂ ᠪᠡᠭᠡᠵᠢᠩ ᠬᠤᠲᠠ ᠶᠢᠨ | ᠬᠠᠶᠢᠳᠢᠶᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠪᠣᠳᠠᠲᠠᠶ ᠵᠢᠯᠣᠭᠤᠳᠣᠯᠭ᠎ᠠ ᠪᠠ ᠳᠡᠮᠵᠢᠯᠭᠡ | ᠳᠣᠤᠷ᠎ᠠ᠂ ᠪᠡᠭᠡᠵᠢᠩ ᠬᠤᠲᠠ ᠶᠢᠨ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠤᠬᠠᠭᠠᠨ ᠤ | ᠬᠡᠯᠲᠡᠰ ᠨᠢ ᠨᠡᠶᠢᠭᠡᠮ ᠤᠨ ᠠᠵᠢᠯᠲᠠᠨ ᠤ ᠦᠢᠯᠡᠴᠢᠯᠡᠭᠡ᠂ ᠬᠠᠤᠯᠢ ᠶᠢᠨ ᠤᠬᠠᠭᠠᠨ ᠤ ᠦᠢᠯᠡᠳᠦᠯᠭᠡ ᠵᠡᠷᠭᠡ ᠳᠠᠪᠠᠭᠤᠯᠢᠭ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠨᠠᠰᠤᠵᠢᠯ ᠤᠨ ᠦᠢᠯᠡᠴᠢᠯᠡᠭᠡ᠂ ᠬᠡᠦᠬᠡᠳ ᠤᠨ ᠪᠠᠲᠤᠯᠠᠭ᠎ᠠ ᠵᠡᠷᠭᠡ ᠪᠣᠳᠠᠲᠠᠶ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ᠠᠤᠬᠠᠨ ᠬᠤᠰᠢᠭᠤᠨ ᠤ ᠰᠢᠨ ᠾᠦᠢ ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠳᠤ | ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠵᠤ᠂ ︽ᠵᠠᠰᠠᠭ ᠤᠨ ᠣᠷᠳᠣᠨ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠬᠡᠷᠡᠭᠯᠡᠬᠦ ︾ ᠶᠢ ᠭᠦᠨᠵᠡᠭᠡᠶ | ᠠᠭᠤᠰᠤᠯᠴᠠᠭᠤᠯᠬᠤ ᠪᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠬᠢᠭᠡᠳ ᠵᠠᠰᠠᠭ ᠤᠨ ᠣᠷᠳᠣᠨ ᠤ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠣᠷᠣᠨ | ᠨᠤᠲᠤᠭ ᠤᠨ ᠬᠥᠭᠵᠢᠯᠲᠡ ᠳᠤ ᠵᠣᠬᠢᠴᠠᠭᠰᠠᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠵᠦ᠂ ᠠᠤᠬᠠᠨ | ᠬᠤᠰᠢᠭᠤᠨ ᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠤᠰᠬᠠᠶᠢᠵᠢᠭᠰᠠᠨ᠂ ᠨᠠᠷᠢᠯᠢᠬᠵᠢᠭᠤᠯᠤᠭᠰᠠᠨ | ᠬᠥᠭᠵᠢᠯᠲᠡ ᠳᠤ ᠬᠦᠴᠦᠨ ᠨᠡᠮᠡᠷᠢᠯᠡᠪᠡ᠃ | ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠢ ᠮᠧᠩ · ︽ᠨᠢᠭᠡ ᠨᠠᠰᠤᠲᠠᠨ ᠨᠢᠭᠡ | ᠪᠠᠭ᠎ᠠ︾ ᠶᠢᠨ ᠦᠢᠯᠡᠴᠢᠯᠡᠭᠡᠨ ᠤ ᠲᠥᠪ ᠲᠤ ᠲᠦᠰᠢᠭᠯᠡᠨ᠂ ᠪᠡᠭᠡᠵᠢᠩ ᠬᠤᠲᠠ ᠶᠢᠨ ᠳᠡᠭᠡᠳᠦ ᠰᠤᠷᠭᠠᠭᠤᠯᠢ ᠶᠢᠨ | ᠣᠯᠠᠨ ᠨᠡᠶᠢᠲᠡ ᠶᠢᠨ ᠬᠠᠮᠢᠶᠠᠷᠤᠯᠲᠠ ᠶᠢᠨ ᠤᠬᠠᠭᠠᠨ ᠳᠤ ᠵᠣᠬᠢᠬᠤ ᠲᠣᠭᠠᠨ ᠤ ᠳᠠᠳᠤᠯᠭ᠎ᠠ ᠪᠣᠯᠪᠠᠰᠤᠷᠠᠯ ᠤᠨ | ᠠᠵᠢᠯ ᠤᠨ ᠪᠠᠶᠢᠷᠢ ᠪᠠ ᠴᠢᠬᠤᠯᠠ ᠪᠦᠬᠦᠢ ᠳᠠᠳᠤᠯᠭ᠎ᠠ ᠪᠣᠯᠪᠠᠰᠤᠷᠠᠯ ᠤᠨ ᠨᠥᠬᠦᠴᠡᠯ ᠬᠠᠩᠭᠠᠨ᠎ᠠ᠃ ᠡᠭᠦᠨ ᠤ ᠬᠠᠮᠲᠤ᠂ | ᠪᠡᠭᠡᠵᠢᠩ ᠬᠤᠲᠠ ᠶᠢᠨ ᠳᠡᠭᠡᠳᠦ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠤᠬᠠᠭᠠᠨ ᠤ ᠬᠡᠯᠲᠡᠰ | ᠲᠡᠷᠢᠭᠦᠨ ᠤ ᠦᠢᠯᠡᠴᠢᠯᠡᠭᠡᠨ ᠤ ᠣᠶᠢᠯᠠᠭᠠᠭᠳᠠᠬᠤᠨ ᠪᠠ ᠵᠠᠭᠪᠤᠷ ᠢ ᠣᠷᠣᠭᠤᠯᠤᠨ ᠠᠪᠴᠢᠷᠠᠵᠤ᠂ ᠨᠠᠰᠤᠵᠢᠯ ᠤᠨ | ᠦᠢᠯᠡᠴᠢᠯᠡᠭᠡᠨ ᠤ ᠲᠥᠯᠥᠪᠵᠢᠭᠦᠯᠭᠡ ᠬᠢᠭᠡᠳ ᠪᠥᠲᠥᠭᠡᠨ ᠪᠠᠶᠢᠭᠤᠯᠤᠯᠲᠠ᠂ ᠬᠦᠴᠢᠷᠳᠡᠯᠲᠡᠶ ᠬᠠᠮᠲᠤᠯᠢᠭ ᠢ ᠨᠠᠷᠢᠯᠢᠭ | ᠣᠨᠤᠪᠴᠢᠲᠠᠢ ᠪᠠᠷ ᠬᠠᠪᠰᠤᠷᠤᠨ ᠲᠡᠳᠬᠦᠬᠦ᠂ ᠬᠡᠤᠬᠡᠳ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠬᠥᠭᠵᠢᠬᠦ | ᠵᠡᠷᠭᠡ ᠲᠠᠯ᠎ᠠ ᠪᠠᠷ ᠪᠠᠭᠰᠢ ᠰᠤᠷᠤᠭᠴᠢᠳ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠥᠷᠨᠢᠭᠦᠯᠬᠦ ᠶᠢ ᠵᠣᠬᠢᠶᠠᠨ | ᠪᠠᠶᠢᠭᠤᠯᠤᠨ ᠵᠣᠬᠢᠴᠠᠭᠤᠯᠬᠤ ᠶᠢᠨ ᠬᠠᠮᠲᠤ ᠶᠡᠭᠡ ᠳᠡᠭᠡᠳᠦ ᠰᠤᠷᠭᠠᠭᠤᠯᠢ ᠶᠢᠨ ᠲᠣᠰ ᠪᠡᠶ᠎ᠡ ᠶᠢᠨ ᠰᠢᠨᠵᠢᠯᠡᠭᠡᠨ ᠤ | ᠲᠤᠰᠬᠠᠶ ᠮᠡᠷᠭᠡᠵᠢᠯ ᠪᠠ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠳᠠᠪᠠᠭᠤᠯᠢᠭ ᠢ ᠪᠠᠳᠠᠷᠠᠭᠤᠯᠵᠤ᠂ | ᠠᠤᠬᠠᠨ ᠬᠤᠰᠢᠭᠤᠨ ᠤ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠠᠵᠢᠯᠲᠠᠨ ᠢ ᠬᠥᠮᠦᠵᠢᠭᠦᠯᠬᠦ | ᠲᠥᠰᠦᠯ ᠢ ᠰᠤᠳᠤᠯᠤᠨ ᠲᠣᠭᠲᠠᠭᠠᠵᠤ᠂ ᠠᠤᠬᠠᠨ ᠬᠤᠰᠢᠭᠤᠨ ᠤ ᠦᠨᠳᠦᠰᠦᠨ ᠱᠠᠲᠤᠨ ᠤ ᠠᠷᠠᠳ ᠤᠨ | ᠠᠮᠢᠳᠤᠷᠠᠯ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠵᠢᠯᠣᠭᠤᠳᠣᠯᠭ᠎ᠠ ᠪᠠ ᠳᠡᠮᠵᠢᠯᠭᠡ | ᠬᠠᠩᠭᠠᠨ᠎ᠠ᠃ | ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠨᠢ ᠡᠬᠢ ᠪᠠᠶᠠᠯᠢᠭ ᠢ ᠳᠥᠭᠦᠮᠬᠡᠨ ᠢᠶᠠᠷ | ᠡᠮᠬᠢᠯᠡᠨ ᠨᠡᠶᠢᠯᠡᠭᠦᠯᠬᠦ ᠪᠠᠷ ᠪᠠᠷᠠᠬᠤ ᠥᠬᠡᠶ᠂ ᠨᠠᠩ ᠴᠤ ᠠᠤᠬᠠᠨ ᠬᠤᠰᠢᠭᠤᠨ ᠤ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠵᠠ ᠲᠣᠬᠢᠶᠠᠯ ᠪᠣᠯᠤᠨ᠎ᠠ᠃ ᠢᠷᠡᠭᠡᠳᠦᠢ ᠳᠤ᠂ ᠠᠤᠬᠠᠨ | ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠡᠭᠡᠵᠢᠩ ᠬᠤᠲᠠ ᠶᠢᠨ ᠳᠡᠭᠡᠳᠦ ᠰᠤᠷᠭᠠᠭᠤᠯᠢ ᠶᠢᠨ ᠣᠯᠠᠨ | ᠨᠡᠶᠢᠲᠡ ᠶᠢᠨ ᠬᠠᠮᠢᠶᠠᠷᠤᠯᠲᠠ ᠶᠢᠨ ᠤᠬᠠᠭᠠᠨ ᠤ ᠬᠡᠯᠲᠡᠰ ᠯᠦᠭᠡ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠦᠨᠳᠦᠰᠦᠨ ᠱᠠᠲᠤᠨ ᠤ | ᠦᠢᠯᠡᠴᠢᠯᠡᠭᠡ ᠶᠢ ︽ᠪᠠᠶᠢᠬᠤ︾ ᠠᠴᠠ ︽ᠰᠢᠯᠢᠳᠡᠭ︾ ᠳᠠᠰᠢ ᠳᠠᠪᠠᠭᠤᠯᠬᠤ ᠶᠢ ᠠᠬᠢᠭᠤᠯᠵᠤ᠂ ︽ᠥᠷᠯᠥᠭᠡ | ᠦᠳᠡᠰᠢ ᠶᠢᠨ ᠰᠠᠶᠢᠨ ᠰᠠᠶᠢᠬᠠᠨ︾ ᠠᠷᠠᠳ ᠤᠨ ᠠᠮᠢᠳᠤᠷᠠᠯ ᠤᠨ ᠬᠠᠭᠤᠳᠠᠰᠤ ᠶᠢ ᠵᠢᠷᠤᠭᠯᠠᠬᠤ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠨ᠎ᠡ᠃ |