ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠶᠠᠪᠤᠳᠠᠯ ᠤᠨ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/4/14
     ᠣᠶᠢᠷ᠎ᠠ ᠳᠤ᠂ ᠬᠤᠲᠠ ᠲᠣᠭᠤᠷᠢᠭ ᠤᠨ ᠬᠤᠲᠠ ᠶᠢᠨ ᠶᠠᠪᠤᠳᠠᠯ ᠤᠨ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠤᠨ ᠪᠦᠲᠦᠮᠵᠢᠲᠡᠶ ᠠᠵᠢᠯᠯᠠᠭᠠᠨ ᠢ ᠤᠯᠠᠮ ᠨᠢᠭᠡ ᠠᠯᠬᠤᠮ ᠪᠠᠲᠤᠯᠠᠵᠤ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂  ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠶᠠᠪᠤᠳᠠᠯ ᠤᠨ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠯᠳᠠᠭᠤᠷ ᠵᠠᠯᠭᠠᠵᠤ ᠳᠤᠷ᠎ᠠ ᠪᠠᠷ ᠢᠶᠠᠨ ᠭᠠᠳᠠᠭᠰᠢᠯᠠᠭᠤᠯᠬᠤ ᠪᠠ ᠪᠣᠷᠣᠭᠠᠨ ᠤ ᠪᠣᠬᠢᠷᠲᠤᠯ ᠢ ᠬᠤᠯᠢᠯᠳᠤᠭᠤᠯᠤᠨ ᠵᠠᠯᠭᠠᠬᠤ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯᠲᠠᠳ ᠬᠤᠲᠠ ᠲᠣᠭᠤᠷᠢᠭ ᠤᠨ ᠡᠯ᠎ᠡ ᠣᠷᠣᠨ ᠪᠦᠰᠡ ᠶᠢᠨ ᠬᠤᠲᠠ ᠶᠢᠨ ᠶᠠᠪᠤᠳᠠᠯ ᠤᠨ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠨ ᠾᠦᠢ ᠬᠤᠲᠠ ᠲᠣᠭᠤᠷᠢᠭ ᠤᠨ ᠪᠣᠷᠣᠭᠠᠨ ᠤ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ᠂ ᠵᠡᠭᠡᠯᠢ  ᠳᠠᠭᠠᠤ ᠬᠡᠰᠡᠭ ᠬᠤᠳᠠᠯᠳᠤᠭᠠᠴᠢᠨ ᠡᠷᠦᠬᠡ ᠪᠠ ᠨᠢᠭᠡᠴᠡ ᠶᠢᠨ ᠳᠦᠭᠦᠮ ᠢ ᠪᠣᠳᠤᠵᠤ ᠂ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢ ᠳᠤᠷ᠎ᠠ ᠪᠠᠷ ᠢᠶᠠᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠲᠤ ᠵᠠᠯᠭᠠᠵᠤ ᠣᠷᠣᠭᠤᠯᠤᠭᠰᠠᠨ ᠪᠠᠶᠢᠳᠠᠯ ᠢ ᠪᠠᠶᠢᠴᠠᠭᠠᠨ ᠣᠯᠵᠤ᠂ ᠡᠨᠡ ᠨᠢ ᠤᠰᠤ ᠭᠠᠳᠠᠭᠰᠢᠯᠠᠭᠤᠯᠬᠤ ᠬᠡᠪ ᠤᠨ ᠡᠮᠬᠢ ᠵᠢᠷᠤᠮ ᠢ ᠰᠠᠮᠠᠭᠤᠷᠠᠭᠤᠯᠬᠤ ᠪᠠᠷ ᠪᠠᠷᠠᠬᠤ ᠥᠬᠡᠶ᠂ ᠪᠠᠰᠠ ᠬᠤᠭᠤᠯᠠᠶ ᠪᠥᠭᠯᠡᠷᠡᠬᠦ᠂ ᠪᠣᠬᠢᠷ ᠤᠰᠤ ᠭᠠᠳᠠᠭᠰᠢ ᠯᠡᠪᠡᠷᠡᠬᠦ ᠶᠢ ᠠᠮᠠᠷᠬᠠᠨ ᠪᠣᠶ ᠪᠣᠯᠭᠠᠵᠤ᠂ ᠬᠤᠲᠠ ᠶᠢᠨ ᠤᠰᠤ ᠵᠠᠯᠠᠬᠤ ᠴᠢᠳᠠᠮᠵᠢ ᠶᠢ ᠲᠦᠢᠯ ᠤᠨ ᠶᠡᠭᠡ ᠪᠠᠷ ᠨᠥᠯᠥᠭᠡᠯᠡᠵᠦ ᠪᠠᠶᠢᠨ᠎ᠠ᠃    ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠠᠷᠤᠶ ᠲᠦᠷᠭᠡᠨ ᠠᠵᠢᠯᠯᠠᠭ᠎ᠠ ᠠᠪᠤᠪᠠ᠃ ᠨᠢᠭᠡ ᠳᠤ  ᠥᠪᠡᠷ ᠢᠶᠠᠨ ᠬᠤᠭᠤᠯᠠᠢ ᠶᠢ ᠵᠠᠯᠭᠠᠭᠰᠠᠨ ᠢ ᠡᠪᠳᠡᠵᠦ  ᠴᠡᠭᠴᠡᠯᠡᠨ ᠰᠠᠶᠢᠵᠢᠷᠠᠭᠤᠯᠵᠤ᠂ ᠬᠤᠭᠤᠯᠠᠶ ᠶᠢᠨ ᠲᠣᠤᠷ ᠤᠨ ᠤᠤᠯ ᠤᠨ ᠪᠦᠲᠦᠴᠡ ᠶᠢ ᠰᠡᠷᠭᠦᠭᠡᠨ᠎ᠡ︔ ᠬᠤᠶᠠᠷ ᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠢ  ᠳᠡᠭᠡᠭᠰᠢᠯᠡᠭᠦᠯᠬᠦ ᠬᠡᠷᠡᠭᠲᠡᠢ᠃ ᠣᠲᠣ ᠪᠣᠯᠲᠠᠯ᠎ᠠ᠂ ᠰᠢᠨ ᠾᠦᠢ ᠵᠠᠮ᠂  ᠲᠤᠸᠠᠨ ᠵᠢᠶᠧ ᠵᠠᠮ ᠵᠡᠷᠭᠡ ᠬᠤᠭᠤᠯᠠᠶ ᠶᠢᠨ ᠲᠣᠤᠷ ᠢ ᠵᠢᠭᠰᠠᠭᠠᠨ ᠪᠠᠶᠢᠴᠠᠭᠠᠬᠤ ᠠᠵᠢᠯ ᠢ ᠨᠢᠭᠡᠨᠲᠡ ᠪᠡᠶᠡᠯᠡᠭᠦᠯᠪᠡ᠃     ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠳᠤᠷ᠎ᠠ ᠪᠠᠷ ᠢᠶᠠᠨ  ᠵᠠᠯᠭᠠᠵᠤ ᠳᠤᠷ᠎ᠠ ᠪᠠᠷ ᠢᠶᠠᠨ ᠭᠠᠳᠠᠭᠰᠢᠯᠠᠭᠤᠯᠬᠤ ᠦᠵᠡᠭᠳᠡᠯ ᠢ ᠡᠷᠡᠰ ᠬᠤᠷᠢᠭᠯᠠᠵᠤ᠂ ᠬᠤᠲᠠ ᠶᠢᠨ ᠬᠥᠬᠡᠮᠳᠦᠭ ᠤᠰᠤ ᠬᠥᠬᠡ ᠣᠭᠲᠠᠷᠭᠤᠶ ᠶᠢ ᠰᠠᠬᠢᠨ ᠬᠠᠮᠠᠭᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号