| ᠬᠠᠪᠤᠷ ᠤᠨ ᠲᠠᠷᠢᠶᠠᠯᠠᠭ᠎ᠠ ᠶᠠᠭ ᠰᠠᠶᠢᠬᠠᠨ ᠶᠠᠪᠤᠭᠳᠠᠵᠤ᠂ ᠴᠠᠩ ᠱᠧᠩ ᠪᠠᠯᠭᠠᠰᠤ ᠶᠢᠨ ᠬᠢᠨ ᠲᠠᠷᠢᠶᠠᠯᠠᠩ ᠤᠨ | ᠴᠠᠭ ᠢ ᠠᠮᠵᠢᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠲᠠᠷᠢᠶᠠᠴᠢᠳ ᠲᠤ ᠠᠰᠢᠭ ᠬᠦᠷᠲᠡᠭᠡᠵᠦ ᠦᠷ᠎ᠡ | ᠠᠰᠢᠭ ᠢ ᠨᠡᠮᠡᠭᠳᠡᠭᠦᠯᠬᠦ︾ ᠪᠠᠷ ᠤᠳᠤᠷᠢᠳᠤᠮᠵᠢ ᠪᠣᠯᠭᠠᠵᠤ᠂ ᠵᠤᠵᠠᠭᠠᠨ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ | ᠲᠠᠷᠬᠠᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ | ᠪᠣᠬᠢᠷᠲᠤᠯ ᠦᠭᠡᠢ ᠬᠥᠳᠡᠯᠭᠡᠬᠦ ᠬᠦᠴᠦᠨ ᠨᠡᠮᠡᠷᠢᠯᠡᠨ᠎ᠡ᠃ ᠲᠣᠰ ᠤᠳᠠᠭ᠎ᠠ ᠨᠡᠶᠢᠲᠡ 10000 ᠭᠠᠷᠤᠶ ᠪᠤᠭᠤᠵᠢ | ᠰᠦᠯᠢᠶᠣᠣ ᠪᠦᠷᠬᠦᠪᠴᠢ ᠲᠠᠷᠬᠠᠭᠠᠵᠤ᠂ ᠯᠢᠦ ᠴᠢᠩ ᠳ᠋ᠢ᠂ ᠮᠠ ᠵᠢᠶᠠ ᠽᠢ ᠵᠡᠷᠭᠡ 5 ᠵᠠᠰᠠᠭ ᠵᠠᠬᠢᠷᠭᠠᠨ ᠤ | ᠲᠣᠰᠬᠤᠨ ᠢ ᠬᠠᠮᠤᠷᠴᠤ᠂ 1.5 ᠲᠦᠮᠡ ᠭᠠᠷᠤᠶ ᠮᠥ ᠭᠠᠵᠠᠷ ᠰᠢᠷᠣᠶ ᠳᠤ ᠠᠰᠢᠭ ᠬᠦᠷᠲᠡᠭᠡᠵᠦ᠂ ︽ᠲᠥᠷᠥ ᠶᠢᠨ | ᠪᠣᠳᠣᠯᠭ᠎ᠠ ᠶᠢᠨ ᠠᠰᠢᠭ ᠲᠤᠰᠠ + ᠮᠡᠷᠭᠡᠵᠢᠯ ᠤᠨ ᠬᠠᠮᠠᠭᠠᠯᠠᠯᠲᠠ︾ ᠪᠠᠷ ᠲᠠᠷᠢᠶᠠᠯᠠᠩ ᠤᠨ ᠪᠣᠬᠢᠷᠲᠤᠯ ᠥᠬᠡᠶ | ᠬᠥᠭᠵᠢᠯᠲᠡ ᠳᠤ ᠬᠦᠴᠦᠨ ᠨᠡᠮᠡᠷᠢᠯᠡᠪᠡ᠃ | ᠲᠥᠷᠥ ᠶᠢᠨ ᠪᠣᠳᠣᠯᠭ᠎ᠠ ᠪᠠᠷ ᠥᠪᠡᠷ ᠤᠨ ᠥᠷᠲᠡᠭ ᠢ ᠪᠠᠭᠤᠷᠠᠭᠤᠯᠵᠤ᠂ ᠨᠠᠷᠢᠨ ᠣᠨᠣᠪᠴᠢᠲᠠᠢ ᠨᠥᠬᠦᠪᠥᠷᠢ | ᠥᠭᠴᠦ ᠠᠷᠠᠳ ᠤᠨ ᠰᠡᠳᠭᠢᠯ ᠢ ᠳᠤᠯᠠᠭᠠᠴᠠᠭᠤᠯᠤᠨ᠎ᠠ᠃ ᠲᠣᠰ ᠤᠳᠠᠭ᠎ᠠ ︽2 ᠬᠤᠳᠠᠯᠳᠤᠨ ᠠᠪᠤᠪᠠᠯ 1 | ᠨᠥᠬᠦᠪᠥᠷᠢᠯᠡᠬᠦ︾ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠳᠡᠯᠭᠡᠷᠡᠭᠦᠯᠦᠨ ᠬᠡᠷᠡᠭᠯᠡᠵᠦ᠂ 2 | ᠪᠣᠭᠤᠵᠢ ᠰᠦᠯᠢᠶᠣᠣ ᠪᠦᠷᠬᠦᠭᠦᠯ ᠬᠤᠳᠠᠯᠳᠤᠨ ᠠᠪᠤᠪᠠᠯ 1 ᠪᠤᠭᠤᠵᠢ ᠶᠢᠨ ᠨᠦᠬᠦᠪᠦᠷᠢ ᠣᠯᠭᠤᠵᠤ᠂ ᠲᠠᠷᠢᠶᠠᠴᠢᠨ | ᠡᠷᠦᠬᠡ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ ᠣᠨᠴᠠ ᠵᠠᠷᠢᠮ ᠲᠣᠰᠬᠤᠨ ᠤ ᠲᠠᠷᠢᠶᠠᠨ ᠭᠠᠵᠠᠷ ᠲᠠᠷᠠᠬᠠᠶ | ᠪᠤᠲᠠᠷᠬᠠᠶ ᠪᠠᠶᠢᠬᠤ ᠣᠨᠴᠠᠯᠢᠭ ᠲᠤ ᠴᠢᠭᠯᠡᠭᠦᠯᠦᠨ᠂ ᠪᠠᠯᠭᠠᠰᠤ ᠲᠣᠰᠬᠤᠨ ᠤ ᠺᠠᠳ᠋ᠷ ᠡᠷᠦᠬᠡ ᠳᠤ ᠣᠷᠣᠵᠤ ᠪᠠᠶᠢᠳᠠᠯ ᠢ | ᠣᠶᠢᠯᠠᠭᠠᠬᠤ ᠬᠡᠷᠡᠭᠴᠡᠭᠡ ᠱᠠᠭᠠᠷᠳᠠᠯᠭ᠎ᠠ ᠳᠤ ︽ᠲᠣᠰᠬᠤᠨ ᠳᠠᠩᠰᠠᠯᠠᠬᠤ — ᠪᠠᠯᠭᠠᠰᠤ ᠨᠢᠭᠡᠳᠦᠯᠲᠡᠶ ᠲᠥᠯᠥᠪᠯᠡᠬᠦ — | ᠴᠡᠭ ᠲᠣᠭᠲᠠᠭᠠᠨ ᠲᠠᠷᠬᠠᠭᠠᠬᠤ︾ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ | ᠰᠦᠯᠢᠶᠣᠣ ᠪᠦᠷᠬᠦᠪᠴᠢ ᠶᠢᠨ ᠨᠠᠷᠢᠯᠢᠭ ᠣᠨᠤᠪᠴᠢᠲᠠᠢ ᠪᠠᠷ ᠲᠠᠷᠢᠶᠠᠨ ᠭᠠᠵᠠᠷ ᠲᠤ ᠰᠢᠭᠤᠳ ᠬᠦᠷᠭᠡᠬᠦ ᠶᠢ ᠦᠨᠡᠨ ᠬᠦ | ᠪᠠᠲᠤᠯᠠᠨ᠎ᠠ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠶᠢ ᠵᠡᠷᠭᠡ ᠪᠠᠷ ᠥᠷᠨᠢᠭᠦᠯᠵᠦ᠂ ᠸᠢᠴᠠᠲ ᠤᠨ ᠴᠤᠭᠯᠠᠷᠠᠯ ᠢᠶᠠᠷ ᠳᠠᠮᠵᠢᠭᠤᠯᠤᠨ ᠨᠥᠬᠦᠪᠥᠷᠢ ᠶᠢᠨ ᠨᠠᠷᠢᠨ | ᠲᠦᠷᠢᠮ᠂ ᠲᠣᠰᠬᠤᠨ ᠤ ᠶᠠᠪᠤᠳᠠᠯ ᠤᠨ ᠪᠤᠯᠤᠩ ᠤᠨ ᠨᠠᠭᠠᠭᠰᠠᠨ ᠴᠤᠪᠤᠷᠠᠯ ᠤᠨ ᠵᠢᠷᠤᠭᠲᠤ ᠲᠠᠶᠢᠯᠪᠤᠷᠢ ᠶᠢ ᠬᠦᠷᠭᠡᠵᠦ᠂ | ᠲᠠᠷᠢᠶᠠᠴᠢᠨ ᠡᠷᠦᠬᠡ ᠳᠤ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠵᠤ᠂ ᠠᠵᠢᠯᠯᠠᠭ᠎ᠠ ᠶᠢ ᠣᠶᠢᠯᠠᠭᠠᠭᠤᠯᠵᠤ᠂ | ᠪᠣᠳᠠᠲᠤ ᠠᠰᠢᠭ ᠬᠦᠷᠲᠡᠭᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠰᠤ ᠴᠢᠨᠠᠷ ᠢ ᠳᠡᠭᠡᠭᠰᠢᠯᠡᠭᠦᠯᠵᠦ ᠂ ᠠᠮᠢ ᠠᠬᠤᠢ ᠠᠵᠤ ᠠᠬᠤᠢ ᠬᠤᠣᠰ | ᠠᠰᠢᠭ ᠬᠦᠷᠲᠡᠭᠡᠨ᠎ᠡ᠃ ᠵᠤᠵᠠᠭᠠᠨ ᠨᠢ 0.012 ᠮᠢᠯᠢᠮᠧᠲᠷ ᠤᠨ ᠵᠤᠵᠠᠭᠠᠨ ᠰᠦᠯᠢᠶᠣᠣ ᠪᠦᠷᠬᠦᠪᠴᠢ ᠶᠢ | ᠳᠡᠯᠭᠡᠷᠡᠭᠦᠯᠵᠦ᠂ ᠤᠯᠠᠮᠵᠢᠯᠠᠯᠲᠤ ᠰᠦᠯᠢᠶᠣᠣ ᠪᠦᠷᠬᠦᠪᠴᠢ ᠠᠴᠠ ᠨᠡᠩ ᠴᠢᠭᠢᠭ ᠢ ᠬᠠᠮᠠᠭᠠᠯᠠᠵᠤ ᠡᠪᠡᠰᠦ ᠶᠢ | ᠬᠤᠷᠢᠭᠯᠠᠬᠤ᠂ ᠰᠠᠯᠬᠢ ᠶᠢ ᠡᠰᠡᠷᠭᠦᠴᠡᠵᠦ ᠡᠪᠳᠡᠬᠦ ᠶᠢ ᠰᠡᠷᠭᠡᠶᠢᠯᠡᠬᠦ ᠳᠠᠪᠠᠭᠤᠯᠢᠭ ᠲᠠᠢ ᠪᠠᠶᠢᠵᠤ᠂ ᠬᠡᠷᠡᠭᠯᠡᠬᠦ | ᠦᠶᠡᠯᠡᠯ ᠤᠨ ᠬᠤᠭᠤᠴᠠᠭ᠎ᠠ ᠶᠢ ᠤᠷᠲᠤᠳᠬᠠᠬᠤ ᠶᠢᠨ ᠬᠠᠮᠲᠤ ᠡᠷᠳᠡᠨᠢ ᠰᠢᠰᠢ ᠵᠡᠷᠭᠡ ᠲᠠᠷᠢᠮᠠᠯ ᠤᠨ ᠤᠨᠠᠯᠲᠠ ᠶᠢ | ᠳᠡᠭᠡᠭᠰᠢᠯᠡᠭᠦᠯᠵᠦ ᠪᠣᠯᠤᠨ᠎ᠠ᠃ ᠪᠠᠯᠭᠠᠰᠤᠨ ᠤ ᠲᠠᠷᠢᠶᠠᠯᠠᠩ ᠤᠨ ᠠᠵᠢᠯ ᠤᠨ ᠪᠠᠶᠢᠷᠢ ᠶᠢᠨ ᠵᠣᠬᠢᠶᠠᠨ ᠪᠠᠶᠢᠭᠤᠯᠤᠯᠲᠠ ᠶᠢᠨ | ︽ᠨᠡᠭᠦᠳᠡᠯ ᠦᠢᠯᠡᠴᠢᠯᠡᠭᠡᠨ ᠤ ᠠᠩᠭᠢ︾ ᠶᠢ ᠪᠠᠶᠢᠭᠤᠯᠵᠤ᠂ ᠡᠯ᠎ᠡ ᠲᠣᠰᠬᠤᠨ ᠤ ᠰᠦᠯᠢᠶᠣᠣ ᠪᠦᠷᠬᠦᠪᠴᠢ | ᠲᠠᠷᠬᠠᠭᠠᠬᠤ ᠶᠢᠨ ᠬᠠᠮᠲᠤ ᠵᠢᠱᠢᠶ᠎ᠡ ᠦᠵᠡᠭᠦᠯᠬᠦ ᠰᠦᠯᠢᠶᠣᠣ ᠪᠦᠷᠬᠦᠪᠴᠢ ᠪᠦᠷᠬᠦᠬᠦ ᠤᠷ᠎ᠠ ᠮᠡᠷᠭᠡᠵᠢᠯ ᠢ | ᠭᠤᠤᠯᠳᠠᠯᠭ᠎ᠠ ᠲᠠᠢ ᠲᠠᠶᠢᠯᠪᠤᠷᠢᠯᠠᠵᠤ᠂ ︽ᠨᠢᠭᠡ ᠪᠦᠷᠬᠦᠭᠦᠯ ᠣᠯᠠᠨ ᠬᠡᠷᠡᠭᠯᠡᠭᠡ︾᠂ ︽ᠣᠷᠭᠢᠯ ᠤᠨ ᠬᠤᠭᠤᠴᠠᠭ᠎ᠠ ᠶᠢ | ᠵᠥᠷᠢᠭᠦᠯᠦᠨ ᠪᠦᠷᠬᠦᠪᠴᠢ ᠶᠢ ᠰᠡᠬᠦᠬᠦ︾ ᠵᠡᠷᠭᠡ ᠮᠡᠷᠭᠡᠵᠢᠯ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠰᠦᠯᠢᠶᠣᠣ | ᠪᠦᠷᠬᠦᠪᠴᠢ ᠶᠢᠨ ᠦᠯᠡᠳᠡᠭᠳᠡᠯ ᠢ ᠪᠠᠭᠠᠰᠬᠠᠬᠤ ᠶᠢᠨ ᠬᠠᠮᠲᠤ ᠲᠠᠷᠢᠶᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ ᠤᠨ | ᠬᠠᠪᠤᠷ ᠤᠨ ᠲᠠᠷᠢᠶᠠᠯᠠᠭ᠎ᠠ ᠬᠦᠷ ᠬᠥᠭᠵᠢᠶᠡᠨ ᠲᠠᠢ ᠪᠠᠶᠢᠨ᠎ᠠ᠃ ᠲᠠᠷᠬᠠᠭᠠᠬᠤ ᠲᠤᠬᠠᠶ ᠶᠢᠨ ᠲᠠᠯᠠᠪᠠᠢ ᠳᠤ᠂ ᠲᠠᠷᠢᠶᠠᠴᠢᠨ | ᠡᠷᠦᠬᠡ ᠡᠮᠬᠢ ᠵᠢᠷᠤᠮ ᠲᠠᠢ ᠪᠠᠷ ᠳᠠᠩᠰᠠᠯᠠᠭᠤᠯᠵᠤ᠂ ᠵᠥᠭᠡᠭᠡᠪᠦᠷᠢᠯᠡᠵᠦ᠂ ᠰᠦᠯᠢᠶᠣᠣ ᠪᠦᠷᠬᠦᠪᠴᠢ ᠶᠢ ᠳᠦᠭᠦᠷᠡᠩ | ᠲᠡᠭᠡᠭᠡᠭᠰᠡᠨ ᠲᠠᠷᠢᠶᠠᠯᠠᠩ ᠳᠤ ᠬᠡᠷᠡᠭᠯᠡᠬᠦ ᠲᠡᠷᠭᠡ ᠬᠥᠳᠡᠭᠡ ᠲᠣᠰᠬᠤᠨ ᠤ ᠵᠥᠷᠢᠭ ᠵᠠᠮ ᠢᠶᠠᠷ ᠰᠦᠯᠵᠢᠯᠳᠦᠪᠡ᠃ | ᠪᠠᠯᠭᠠᠰᠤ ᠲᠣᠰᠬᠤᠨ ᠤ ᠺᠠᠳ᠋ᠷ ᠪᠦᠷᠬᠦᠭᠦᠯ ᠤᠨ ᠠᠬᠢᠴᠠ ᠶᠢ ᠵᠡᠷᠭᠡᠪᠡᠷ ᠳᠠᠭᠠᠵᠤ᠂ ︽ᠡᠳᠦᠷ ᠲᠤ ᠳᠣᠭᠢᠷᠠᠭᠤᠯᠬᠤ᠂ | ᠭᠠᠷᠠᠭ ᠲᠤ ᠮᠡᠳᠡᠭᠡᠯᠡᠬᠦ︾ ᠲᠣᠭᠲᠠᠴᠠ ᠶᠢ ᠪᠠᠶᠢᠭᠤᠯᠵᠤ᠂ 1.5 ᠲᠦᠮᠡ ᠭᠠᠷᠤᠶ ᠮᠥ ᠲᠠᠷᠢᠶᠠᠨ ᠭᠠᠵᠠᠷ ᠲᠤ ᠴᠠᠭ | ᠲᠤᠬᠠᠶ ᠳᠤᠨᠢ ︽ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠨ᠎ᠡ ᠬᠤᠪᠴᠠᠰᠤ ᠨᠥᠮᠥᠷᠬᠦ︾ ᠶᠢ ᠦᠨᠡᠨ ᠬᠦ | ᠪᠠᠲᠤᠯᠠᠪᠠ᠃ | ᠴᠠᠩ ᠱᠧᠩ ᠪᠠᠯᠭᠠᠰᠤ ᠲᠣᠰ ᠤᠳᠠᠭᠠᠨ ᠤ ᠰᠦᠯᠢᠶᠣᠣ ᠪᠦᠷᠬᠦᠪᠴᠢ ᠶᠢ ᠲᠠᠷᠬᠠᠭᠠᠬᠤ ᠪᠠᠷ ᠠᠵᠠ ᠲᠣᠬᠢᠶᠠᠯ | ᠪᠣᠯᠭᠠᠵᠤ᠂ ︽ᠠᠮᠢ ᠠᠬᠤᠶ ᠶᠢᠨ ᠲᠠᠷᠢᠶᠠᠯᠠᠭ᠎ᠠ + ᠣᠷᠴᠢᠯ ᠲᠠᠷᠢᠶᠠᠯᠠᠩ︾ ᠤᠨ ᠰᠢᠨ᠎ᠡ ᠵᠠᠭᠪᠤᠷ ᠢ ᠦᠷᠭᠦᠯᠵᠢᠯᠡᠨ | ᠰᠦᠪᠡᠭᠴᠢᠯᠡᠵᠦ᠂ ᠪᠣᠬᠢᠷᠲᠤᠯ ᠥᠬᠡᠶ ᠪᠠᠶᠢᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠬᠠᠮᠤᠭ ᠤᠨ ᠰᠠᠭᠤᠷᠢ ᠥᠩᠭᠡ ᠪᠣᠯᠭᠠᠨ᠎ᠠ᠃ |