| ᠣᠶᠢᠷ᠎ᠠ ᠳᠤ᠂ ᠬᠤᠲᠠ ᠲᠣᠭᠤᠷᠢᠭ ᠤᠨ ᠬᠤᠲᠠ ᠶᠢᠨ ᠶᠠᠪᠤᠳᠠᠯ ᠤᠨ ᠤᠰᠤ ᠭᠠᠳᠠᠭᠰᠢᠯᠠᠭᠤᠯᠬᠤ ᠬᠤᠭᠤᠯᠠᠶ ᠶᠢᠨ | ᠲᠣᠤᠷ ᠤᠨ ᠪᠦᠲᠦᠮᠵᠢᠲᠡᠶ ᠠᠵᠢᠯᠯᠠᠭᠠᠨ ᠢ ᠤᠯᠠᠮ ᠨᠢᠭᠡ ᠠᠯᠬᠤᠮ ᠪᠠᠲᠤᠯᠠᠵᠤ᠂ ᠬᠤᠲᠠ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠤᠲᠠ ᠶᠢᠨ ᠶᠠᠪᠤᠳᠠᠯ ᠤᠨ ᠤᠰᠤ ᠭᠠᠳᠠᠭᠰᠢᠯᠠᠭᠤᠯᠬᠤ | ᠬᠤᠭᠤᠯᠠᠶ ᠶᠢᠨ ᠲᠣᠤᠷ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠠᠯᠳᠠᠭᠤᠷ | ᠵᠠᠯᠭᠠᠵᠤ ᠳᠤᠷ᠎ᠠ ᠪᠠᠷ ᠢᠶᠠᠨ ᠭᠠᠳᠠᠭᠰᠢᠯᠠᠭᠤᠯᠬᠤ ᠪᠠ ᠪᠣᠷᠣᠭᠠᠨ ᠤ ᠪᠣᠬᠢᠷᠲᠤᠯ ᠢ ᠬᠤᠯᠢᠯᠳᠤᠭᠤᠯᠤᠨ ᠵᠠᠯᠭᠠᠬᠤ ᠠᠵᠢᠯᠯᠠᠭ᠎ᠠ ᠳᠤ | ᠭᠤᠤᠯᠳᠠᠯᠭ᠎ᠠ ᠲᠠᠢ ᠴᠣᠬᠢᠯᠲᠠ ᠥᠭᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠠᠵᠢᠯᠲᠠᠳ ᠬᠤᠲᠠ ᠲᠣᠭᠤᠷᠢᠭ ᠤᠨ ᠡᠯ᠎ᠡ ᠣᠷᠣᠨ ᠪᠦᠰᠡ ᠶᠢᠨ ᠬᠤᠲᠠ ᠶᠢᠨ | ᠶᠠᠪᠤᠳᠠᠯ ᠤᠨ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠨ | ᠾᠦᠢ ᠬᠤᠲᠠ ᠲᠣᠭᠤᠷᠢᠭ ᠤᠨ ᠪᠣᠷᠣᠭᠠᠨ ᠤ ᠤᠰᠤ ᠭᠠᠳᠠᠭᠰᠢᠯᠠᠭᠤᠯᠬᠤ ᠬᠤᠭᠤᠯᠠᠶ ᠶᠢᠨ ᠲᠣᠤᠷ ᠢ ᠭᠤᠤᠯᠳᠠᠯᠭ᠎ᠠ ᠲᠠᠢ | ᠵᠢᠭᠰᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ᠂ ᠵᠡᠭᠡᠯᠢ ᠳᠠᠭᠠᠤ ᠬᠡᠰᠡᠭ ᠬᠤᠳᠠᠯᠳᠤᠭᠠᠴᠢᠨ ᠡᠷᠦᠬᠡ ᠪᠠ | ᠨᠢᠭᠡᠴᠡ ᠶᠢᠨ ᠳᠦᠭᠦᠮ ᠢ ᠪᠣᠳᠤᠵᠤ ᠂ ᠠᠮᠢᠳᠤᠷᠠᠯ ᠤᠨ ᠪᠣᠬᠢᠷ ᠤᠰᠤᠨ ᠤ ᠬᠤᠭᠤᠯᠠᠶ ᠶᠢ ᠳᠤᠷ᠎ᠠ ᠪᠠᠷ ᠢᠶᠠᠨ ᠪᠣᠷᠣᠭᠠᠨ ᠤ | ᠤᠰᠤᠨ ᠤ ᠬᠤᠭᠤᠯᠠᠶ ᠶᠢᠨ ᠲᠣᠤᠷ ᠲᠤ ᠵᠠᠯᠭᠠᠵᠤ ᠣᠷᠣᠭᠤᠯᠤᠭᠰᠠᠨ ᠪᠠᠶᠢᠳᠠᠯ ᠢ ᠪᠠᠶᠢᠴᠠᠭᠠᠨ ᠣᠯᠵᠤ᠂ ᠡᠨᠡ ᠨᠢ ᠤᠰᠤ | ᠭᠠᠳᠠᠭᠰᠢᠯᠠᠭᠤᠯᠬᠤ ᠬᠡᠪ ᠤᠨ ᠡᠮᠬᠢ ᠵᠢᠷᠤᠮ ᠢ ᠰᠠᠮᠠᠭᠤᠷᠠᠭᠤᠯᠬᠤ ᠪᠠᠷ ᠪᠠᠷᠠᠬᠤ ᠥᠬᠡᠶ᠂ ᠪᠠᠰᠠ ᠬᠤᠭᠤᠯᠠᠶ ᠪᠥᠭᠯᠡᠷᠡᠬᠦ᠂ ᠪᠣᠬᠢᠷ | ᠤᠰᠤ ᠭᠠᠳᠠᠭᠰᠢ ᠯᠡᠪᠡᠷᠡᠬᠦ ᠶᠢ ᠠᠮᠠᠷᠬᠠᠨ ᠪᠣᠶ ᠪᠣᠯᠭᠠᠵᠤ᠂ ᠬᠤᠲᠠ ᠶᠢᠨ ᠤᠰᠤ ᠵᠠᠯᠠᠬᠤ ᠴᠢᠳᠠᠮᠵᠢ ᠶᠢ ᠲᠦᠢᠯ ᠤᠨ ᠶᠡᠭᠡ ᠪᠠᠷ | ᠨᠥᠯᠥᠭᠡᠯᠡᠵᠦ ᠪᠠᠶᠢᠨ᠎ᠠ᠃ | ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠳᠠᠷᠤᠶ ᠲᠦᠷᠭᠡᠨ ᠠᠵᠢᠯᠯᠠᠭ᠎ᠠ ᠠᠪᠤᠪᠠ᠃ ᠨᠢᠭᠡ ᠳᠤ ᠥᠪᠡᠷ ᠢᠶᠠᠨ | ᠬᠤᠭᠤᠯᠠᠢ ᠶᠢ ᠵᠠᠯᠭᠠᠭᠰᠠᠨ ᠢ ᠡᠪᠳᠡᠵᠦ ᠴᠡᠭᠴᠡᠯᠡᠨ ᠰᠠᠶᠢᠵᠢᠷᠠᠭᠤᠯᠵᠤ᠂ ᠬᠤᠭᠤᠯᠠᠶ ᠶᠢᠨ ᠲᠣᠤᠷ ᠤᠨ ᠤᠤᠯ ᠤᠨ | ᠪᠦᠲᠦᠴᠡ ᠶᠢ ᠰᠡᠷᠭᠦᠭᠡᠨ᠎ᠡ︔ ᠬᠤᠶᠠᠷ ᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠣᠷᠣᠭᠠᠨ ᠤ ᠤᠰᠤ ᠪᠠ ᠪᠣᠬᠢᠷ | ᠤᠰᠤ ᠶᠢ ᠰᠠᠯᠭᠠᠬᠤ ᠴᠢᠬᠤᠯᠠ ᠠᠴᠢ ᠬᠤᠯᠪᠣᠭᠳᠠᠯ ᠢ ᠤᠬᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠤᠨ ᠣᠷᠴᠢᠨ | ᠠᠬᠤᠶ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃ ᠣᠲᠣ ᠪᠣᠯᠲᠠᠯ᠎ᠠ᠂ ᠰᠢᠨ ᠾᠦᠢ ᠵᠠᠮ᠂ ᠲᠤᠸᠠᠨ | ᠵᠢᠶᠧ ᠵᠠᠮ ᠵᠡᠷᠭᠡ ᠬᠤᠭᠤᠯᠠᠶ ᠶᠢᠨ ᠲᠣᠤᠷ ᠢ ᠵᠢᠭᠰᠠᠭᠠᠨ ᠪᠠᠶᠢᠴᠠᠭᠠᠬᠤ ᠠᠵᠢᠯ ᠢ ᠨᠢᠭᠡᠨᠲᠡ ᠪᠡᠶᠡᠯᠡᠭᠦᠯᠪᠡ᠃ | ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠲᠣᠭᠤᠷᠢᠨ | ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠳᠤᠷ᠎ᠠ ᠪᠠᠷ ᠢᠶᠠᠨ ᠵᠠᠯᠭᠠᠵᠤ ᠳᠤᠷ᠎ᠠ ᠪᠠᠷ ᠢᠶᠠᠨ ᠭᠠᠳᠠᠭᠰᠢᠯᠠᠭᠤᠯᠬᠤ | ᠦᠵᠡᠭᠳᠡᠯ ᠢ ᠡᠷᠡᠰ ᠬᠤᠷᠢᠭᠯᠠᠵᠤ᠂ ᠬᠤᠲᠠ ᠶᠢᠨ ᠬᠥᠬᠡᠮᠳᠦᠭ ᠤᠰᠤ ᠬᠥᠬᠡ ᠣᠭᠲᠠᠷᠭᠤᠶ ᠶᠢ ᠰᠠᠬᠢᠨ ᠬᠠᠮᠠᠭᠠᠯᠠᠨ᠎ᠠ᠃ |