| ᠬᠠᠪᠤᠷ ᠤᠨ ᠲᠠᠷᠢᠶᠠᠯᠠᠭ᠎ᠠ ᠶᠠᠭ ᠰᠠᠶᠢᠬᠠᠨ ᠶᠠᠪᠤᠭᠳᠠᠵᠤ᠂ ᠴᠠᠩ ᠱᠧᠩ ᠪᠠᠯᠭᠠᠰᠤ ᠶᠢᠨ ᠬᠢᠨ ᠲᠠᠷᠢᠶᠠᠯᠠᠩ ᠤᠨ ᠴᠠᠭ ᠢ | ᠠᠮᠵᠢᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠲᠠᠷᠢᠶᠠᠴᠢᠳ ᠲᠤ ᠠᠰᠢᠭ ᠬᠦᠷᠲᠡᠭᠡᠵᠦ ᠦᠷ᠎ᠡ ᠠᠰᠢᠭ ᠢ | ᠨᠡᠮᠡᠭᠳᠡᠭᠦᠯᠬᠦ︾ ᠪᠠᠷ ᠤᠳᠤᠷᠢᠳᠤᠮᠵᠢ ᠪᠣᠯᠭᠠᠵᠤ᠂ ᠵᠤᠵᠠᠭᠠᠨ ᠰᠦᠯᠢᠶᠣᠣ ᠪᠦᠷᠬᠦᠪᠴᠢ ᠶᠢ ᠳᠡᠯᠭᠡᠷᠡᠭᠦᠯᠦᠨ ᠲᠠᠷᠬᠠᠭᠠᠬᠤ | ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠣᠬᠢᠷᠲᠤᠯ ᠦᠭᠡᠢ | ᠬᠥᠳᠡᠯᠭᠡᠬᠦ ᠬᠦᠴᠦᠨ ᠨᠡᠮᠡᠷᠢᠯᠡᠨ᠎ᠡ᠃ ᠲᠣᠰ ᠤᠳᠠᠭ᠎ᠠ ᠨᠡᠶᠢᠲᠡ 10000 ᠭᠠᠷᠤᠶ ᠪᠤᠭᠤᠵᠢ ᠰᠦᠯᠢᠶᠣᠣ ᠪᠦᠷᠬᠦᠪᠴᠢ | ᠲᠠᠷᠬᠠᠭᠠᠵᠤ᠂ ᠯᠢᠦ ᠴᠢᠩ ᠳ᠋ᠢ᠂ ᠮᠠ ᠵᠢᠶᠠ ᠽᠢ ᠵᠡᠷᠭᠡ 5 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ 1.5 ᠲᠦᠮᠡ | ᠭᠠᠷᠤᠶ ᠮᠥ ᠭᠠᠵᠠᠷ ᠰᠢᠷᠣᠶ ᠳᠤ ᠠᠰᠢᠭ ᠬᠦᠷᠲᠡᠭᠡᠵᠦ᠂ ︽ᠲᠥᠷᠥ ᠶᠢᠨ ᠪᠣᠳᠣᠯᠭ᠎ᠠ ᠶᠢᠨ ᠠᠰᠢᠭ ᠲᠤᠰᠠ + ᠮᠡᠷᠭᠡᠵᠢᠯ ᠤᠨ | ᠬᠠᠮᠠᠭᠠᠯᠠᠯᠲᠠ︾ ᠪᠠᠷ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠳᠤ ᠬᠦᠴᠦᠨ ᠨᠡᠮᠡᠷᠢᠯᠡᠪᠡ᠃ | ᠲᠥᠷᠥ ᠶᠢᠨ ᠪᠣᠳᠣᠯᠭ᠎ᠠ ᠪᠠᠷ ᠥᠪᠡᠷ ᠤᠨ ᠥᠷᠲᠡᠭ ᠢ ᠪᠠᠭᠤᠷᠠᠭᠤᠯᠵᠤ᠂ ᠨᠠᠷᠢᠨ ᠣᠨᠣᠪᠴᠢᠲᠠᠢ ᠨᠥᠬᠦᠪᠥᠷᠢ ᠥᠭᠴᠦ | ᠠᠷᠠᠳ ᠤᠨ ᠰᠡᠳᠭᠢᠯ ᠢ ᠳᠤᠯᠠᠭᠠᠴᠠᠭᠤᠯᠤᠨ᠎ᠠ᠃ ᠲᠣᠰ ᠤᠳᠠᠭ᠎ᠠ ︽2 ᠬᠤᠳᠠᠯᠳᠤᠨ ᠠᠪᠤᠪᠠᠯ 1 ᠨᠥᠬᠦᠪᠥᠷᠢᠯᠡᠬᠦ︾ | ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠳᠡᠯᠭᠡᠷᠡᠭᠦᠯᠦᠨ ᠬᠡᠷᠡᠭᠯᠡᠵᠦ᠂ 2 ᠪᠣᠭᠤᠵᠢ ᠰᠦᠯᠢᠶᠣᠣ | ᠪᠦᠷᠬᠦᠭᠦᠯ ᠬᠤᠳᠠᠯᠳᠤᠨ ᠠᠪᠤᠪᠠᠯ 1 ᠪᠤᠭᠤᠵᠢ ᠶᠢᠨ ᠨᠦᠬᠦᠪᠦᠷᠢ ᠣᠯᠭᠤᠵᠤ᠂ ᠲᠠᠷᠢᠶᠠᠴᠢᠨ ᠡᠷᠦᠬᠡ ᠶᠢᠨ ᠳᠠᠷᠤᠭᠠᠰᠤ ᠶᠢ | ᠦᠨᠡᠨ ᠬᠦ ᠬᠥᠩᠭᠡᠷᠡᠭᠦᠯᠪᠡ᠃ ᠣᠨᠴᠠ ᠵᠠᠷᠢᠮ ᠲᠣᠰᠬᠤᠨ ᠤ ᠲᠠᠷᠢᠶᠠᠨ ᠭᠠᠵᠠᠷ ᠲᠠᠷᠠᠬᠠᠶ ᠪᠤᠲᠠᠷᠬᠠᠶ ᠪᠠᠶᠢᠬᠤ ᠣᠨᠴᠠᠯᠢᠭ ᠲᠤ | ᠴᠢᠭᠯᠡᠭᠦᠯᠦᠨ᠂ ᠪᠠᠯᠭᠠᠰᠤ ᠲᠣᠰᠬᠤᠨ ᠤ ᠺᠠᠳ᠋ᠷ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠬᠡᠷᠡᠭᠴᠡᠭᠡ ᠱᠠᠭᠠᠷᠳᠠᠯᠭ᠎ᠠ ᠳᠤ | ︽ᠲᠣᠰᠬᠤᠨ ᠳᠠᠩᠰᠠᠯᠠᠬᠤ — ᠪᠠᠯᠭᠠᠰᠤ ᠨᠢᠭᠡᠳᠦᠯᠲᠡᠶ ᠲᠥᠯᠥᠪᠯᠡᠬᠦ — ᠴᠡᠭ ᠲᠣᠭᠲᠠᠭᠠᠨ ᠲᠠᠷᠬᠠᠭᠠᠬᠤ︾ ᠭᠤᠷᠪᠠᠨ | ᠱᠠᠲᠤᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠦᠯᠢᠶᠣᠣ ᠪᠦᠷᠬᠦᠪᠴᠢ ᠶᠢᠨ ᠨᠠᠷᠢᠯᠢᠭ | ᠣᠨᠤᠪᠴᠢᠲᠠᠢ ᠪᠠᠷ ᠲᠠᠷᠢᠶᠠᠨ ᠭᠠᠵᠠᠷ ᠲᠤ ᠰᠢᠭᠤᠳ ᠬᠦᠷᠭᠡᠬᠦ ᠶᠢ ᠦᠨᠡᠨ ᠬᠦ ᠪᠠᠲᠤᠯᠠᠨ᠎ᠠ᠃ ︽ᠰᠦᠯᠵᠢᠶᠡᠨ ᠳᠡᠭᠡᠷᠡᠬᠢ + | ᠰᠦᠯᠵᠢᠶᠡᠨ ᠭᠠᠳᠠᠨᠠᠬᠢ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠵᠡᠷᠭᠡ ᠪᠠᠷ ᠥᠷᠨᠢᠭᠦᠯᠵᠦ᠂ ᠸᠢᠴᠠᠲ ᠤᠨ | ᠴᠤᠭᠯᠠᠷᠠᠯ ᠢᠶᠠᠷ ᠳᠠᠮᠵᠢᠭᠤᠯᠤᠨ ᠨᠥᠬᠦᠪᠥᠷᠢ ᠶᠢᠨ ᠨᠠᠷᠢᠨ ᠲᠦᠷᠢᠮ᠂ ᠲᠣᠰᠬᠤᠨ ᠤ ᠶᠠᠪᠤᠳᠠᠯ ᠤᠨ ᠪᠤᠯᠤᠩ ᠤᠨ ᠨᠠᠭᠠᠭᠰᠠᠨ | ᠴᠤᠪᠤᠷᠠᠯ ᠤᠨ ᠵᠢᠷᠤᠭᠲᠤ ᠲᠠᠶᠢᠯᠪᠤᠷᠢ ᠶᠢ ᠬᠦᠷᠭᠡᠵᠦ᠂ ᠲᠠᠷᠢᠶᠠᠴᠢᠨ ᠡᠷᠦᠬᠡ ᠳᠤ ᠲᠥᠷᠥ ᠶᠢᠨ ᠪᠣᠳᠣᠯᠭ᠎ᠠ ᠶᠢ | ᠲᠣᠳᠣᠷᠬᠠᠶᠢᠯᠠᠵᠤ᠂ ᠠᠵᠢᠯᠯᠠᠭ᠎ᠠ ᠶᠢ ᠣᠶᠢᠯᠠᠭᠠᠭᠤᠯᠵᠤ᠂ ᠪᠣᠳᠠᠲᠤ ᠠᠰᠢᠭ ᠬᠦᠷᠲᠡᠭᠡᠨ᠎ᠡ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠰᠤ ᠴᠢᠨᠠᠷ ᠢ ᠳᠡᠭᠡᠭᠰᠢᠯᠡᠭᠦᠯᠵᠦ ᠂ ᠠᠮᠢ ᠠᠬᠤᠢ ᠠᠵᠤ ᠠᠬᠤᠢ ᠬᠤᠣᠰ | ᠠᠰᠢᠭ ᠬᠦᠷᠲᠡᠭᠡᠨ᠎ᠡ᠃ ᠵᠤᠵᠠᠭᠠᠨ ᠨᠢ 0.012 ᠮᠢᠯᠢᠮᠧᠲᠷ ᠤᠨ ᠵᠤᠵᠠᠭᠠᠨ ᠰᠦᠯᠢᠶᠣᠣ ᠪᠦᠷᠬᠦᠪᠴᠢ ᠶᠢ ᠳᠡᠯᠭᠡᠷᠡᠭᠦᠯᠵᠦ᠂ | ᠤᠯᠠᠮᠵᠢᠯᠠᠯᠲᠤ ᠰᠦᠯᠢᠶᠣᠣ ᠪᠦᠷᠬᠦᠪᠴᠢ ᠠᠴᠠ ᠨᠡᠩ ᠴᠢᠭᠢᠭ ᠢ ᠬᠠᠮᠠᠭᠠᠯᠠᠵᠤ ᠡᠪᠡᠰᠦ ᠶᠢ ᠬᠤᠷᠢᠭᠯᠠᠬᠤ᠂ ᠰᠠᠯᠬᠢ ᠶᠢ | ᠡᠰᠡᠷᠭᠦᠴᠡᠵᠦ ᠡᠪᠳᠡᠬᠦ ᠶᠢ ᠰᠡᠷᠭᠡᠶᠢᠯᠡᠬᠦ ᠳᠠᠪᠠᠭᠤᠯᠢᠭ ᠲᠠᠢ ᠪᠠᠶᠢᠵᠤ᠂ ᠬᠡᠷᠡᠭᠯᠡᠬᠦ ᠦᠶᠡᠯᠡᠯ ᠤᠨ ᠬᠤᠭᠤᠴᠠᠭ᠎ᠠ ᠶᠢ | ᠤᠷᠲᠤᠳᠬᠠᠬᠤ ᠶᠢᠨ ᠬᠠᠮᠲᠤ ᠡᠷᠳᠡᠨᠢ ᠰᠢᠰᠢ ᠵᠡᠷᠭᠡ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠵᠦ ᠪᠣᠯᠤᠨ᠎ᠠ᠃ ᠪᠠᠯᠭᠠᠰᠤᠨ ᠤ | ᠲᠠᠷᠢᠶᠠᠯᠠᠩ ᠤᠨ ᠠᠵᠢᠯ ᠤᠨ ᠪᠠᠶᠢᠷᠢ ᠶᠢᠨ ᠵᠣᠬᠢᠶᠠᠨ ᠪᠠᠶᠢᠭᠤᠯᠤᠯᠲᠠ ᠶᠢᠨ ︽ᠨᠡᠭᠦᠳᠡᠯ ᠦᠢᠯᠡᠴᠢᠯᠡᠭᠡᠨ ᠤ ᠠᠩᠭᠢ︾ ᠶᠢ | ᠪᠠᠶᠢᠭᠤᠯᠵᠤ᠂ ᠡᠯ᠎ᠡ ᠲᠣᠰᠬᠤᠨ ᠤ ᠰᠦᠯᠢᠶᠣᠣ ᠪᠦᠷᠬᠦᠪᠴᠢ ᠲᠠᠷᠬᠠᠭᠠᠬᠤ ᠶᠢᠨ ᠬᠠᠮᠲᠤ ᠵᠢᠱᠢᠶ᠎ᠡ ᠦᠵᠡᠭᠦᠯᠬᠦ ᠰᠦᠯᠢᠶᠣᠣ | ᠪᠦᠷᠬᠦᠪᠴᠢ ᠪᠦᠷᠬᠦᠬᠦ ᠤᠷ᠎ᠠ ᠮᠡᠷᠭᠡᠵᠢᠯ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ︽ᠨᠢᠭᠡ ᠪᠦᠷᠬᠦᠭᠦᠯ ᠣᠯᠠᠨ ᠬᠡᠷᠡᠭᠯᠡᠭᠡ︾᠂ | ︽ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠪᠦᠷᠬᠦᠪᠴᠢ ᠶᠢ ᠰᠡᠬᠦᠬᠦ︾ ᠵᠡᠷᠭᠡ ᠮᠡᠷᠭᠡᠵᠢᠯ ᠢ ᠭᠤᠤᠯᠳᠠᠯᠭ᠎ᠠ ᠲᠠᠢ | ᠲᠠᠶᠢᠯᠪᠤᠷᠢᠯᠠᠵᠤ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠪᠠᠭᠠᠰᠬᠠᠬᠤ ᠶᠢᠨ ᠬᠠᠮᠲᠤ ᠲᠠᠷᠢᠶᠠᠯᠠᠬᠤ ᠥᠪᠡᠷ ᠤᠨ | ᠥᠷᠲᠡᠭ ᠢ ᠪᠠᠭᠤᠷᠠᠭᠤᠯᠤᠨ᠎ᠠ᠃ | ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ ᠤᠨ | ᠬᠠᠪᠤᠷ ᠤᠨ ᠲᠠᠷᠢᠶᠠᠯᠠᠭ᠎ᠠ ᠬᠦᠷ ᠬᠥᠭᠵᠢᠶᠡᠨ ᠲᠠᠢ ᠪᠠᠶᠢᠨ᠎ᠠ᠃ ᠲᠠᠷᠬᠠᠭᠠᠬᠤ ᠲᠤᠬᠠᠶ ᠶᠢᠨ ᠲᠠᠯᠠᠪᠠᠢ ᠳᠤ᠂ ᠲᠠᠷᠢᠶᠠᠴᠢᠨ ᠡᠷᠦᠬᠡ | ᠡᠮᠬᠢ ᠵᠢᠷᠤᠮ ᠲᠠᠢ ᠪᠠᠷ ᠳᠠᠩᠰᠠᠯᠠᠭᠤᠯᠵᠤ᠂ ᠵᠥᠭᠡᠭᠡᠪᠦᠷᠢᠯᠡᠵᠦ᠂ ᠰᠦᠯᠢᠶᠣᠣ ᠪᠦᠷᠬᠦᠪᠴᠢ ᠶᠢ ᠳᠦᠭᠦᠷᠡᠩ ᠲᠡᠭᠡᠭᠡᠭᠰᠡᠨ | ᠲᠠᠷᠢᠶᠠᠯᠠᠩ ᠳᠤ ᠬᠡᠷᠡᠭᠯᠡᠬᠦ ᠲᠡᠷᠭᠡ ᠬᠥᠳᠡᠭᠡ ᠲᠣᠰᠬᠤᠨ ᠤ ᠵᠥᠷᠢᠭ ᠵᠠᠮ ᠢᠶᠠᠷ ᠰᠦᠯᠵᠢᠯᠳᠦᠪᠡ᠃ ᠪᠠᠯᠭᠠᠰᠤ ᠲᠣᠰᠬᠤᠨ ᠤ | ᠺᠠᠳ᠋ᠷ ᠪᠦᠷᠬᠦᠭᠦᠯ ᠤᠨ ᠠᠬᠢᠴᠠ ᠶᠢ ᠵᠡᠷᠭᠡᠪᠡᠷ ᠳᠠᠭᠠᠵᠤ᠂ ︽ᠡᠳᠦᠷ ᠲᠤ ᠳᠣᠭᠢᠷᠠᠭᠤᠯᠬᠤ᠂ ᠭᠠᠷᠠᠭ ᠲᠤ ᠮᠡᠳᠡᠭᠡᠯᠡᠬᠦ︾ | ᠲᠣᠭᠲᠠᠴᠠ ᠶᠢ ᠪᠠᠶᠢᠭᠤᠯᠵᠤ᠂ 1.5 ᠲᠦᠮᠡ ᠭᠠᠷᠤᠶ ᠮᠥ ᠲᠠᠷᠢᠶᠠᠨ ᠭᠠᠵᠠᠷ ᠲᠤ ᠴᠠᠭ ᠲᠤᠬᠠᠶ ᠳᠤᠨᠢ ︽ᠣᠷᠴᠢᠨ | ᠠᠬᠤᠶ ᠶᠢᠨ ᠬᠠᠮᠠᠭᠠᠯᠠᠯᠲᠠ ᠶᠢᠨ ᠰᠢᠨ᠎ᠡ ᠬᠤᠪᠴᠠᠰᠤ ᠨᠥᠮᠥᠷᠬᠦ︾ ᠶᠢ ᠦᠨᠡᠨ ᠬᠦ ᠪᠠᠲᠤᠯᠠᠪᠠ᠃ | ᠴᠠᠩ ᠱᠧᠩ ᠪᠠᠯᠭᠠᠰᠤ ᠲᠣᠰ ᠤᠳᠠᠭᠠᠨ ᠤ ᠰᠦᠯᠢᠶᠣᠣ ᠪᠦᠷᠬᠦᠪᠴᠢ ᠶᠢ ᠲᠠᠷᠬᠠᠭᠠᠬᠤ ᠪᠠᠷ ᠠᠵᠠ ᠲᠣᠬᠢᠶᠠᠯ ᠪᠣᠯᠭᠠᠵᠤ᠂ | ︽ᠠᠮᠢ ᠠᠬᠤᠶ ᠶᠢᠨ ᠲᠠᠷᠢᠶᠠᠯᠠᠭ᠎ᠠ + ᠣᠷᠴᠢᠯ ᠲᠠᠷᠢᠶᠠᠯᠠᠩ︾ ᠤᠨ ᠰᠢᠨ᠎ᠡ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ | ᠪᠣᠬᠢᠷᠲᠤᠯ ᠥᠬᠡᠶ ᠪᠠᠶᠢᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠬᠠᠮᠤᠭ ᠤᠨ ᠰᠠᠭᠤᠷᠢ ᠥᠩᠭᠡ | ᠪᠣᠯᠭᠠᠨ᠎ᠠ᠃ |