ᠣᠶᠢᠲᠤ ᠭᠠᠵᠠᠷ ᠨᠤᠲᠤᠭ ᠪᠡᠯᠴᠢᠭᠡᠷ ᠨᠤᠭᠤ ᠭᠠᠵᠠᠷ ᠢ ᠬᠠᠤᠯᠢ ᠠᠴᠠ ᠵᠥᠷᠢᠴᠡᠨ ᠬᠠᠭᠠᠯᠪᠤᠷᠢᠯᠠᠬᠤ ᠳᠤ ᠴᠢᠩᠭ᠎ᠠ ᠴᠣᠬᠢᠯᠲᠠ ᠥᠭᠴᠦ ᠣᠢ ᠮᠣᠳᠤ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2025/4/15
         ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠠᠵᠢᠯ ᠢ ᠦᠨᠡᠨᠬᠦ ᠴᠢᠩᠭᠠᠳᠬᠠᠵᠤ᠂ ᠣᠶᠢᠲᠤ ᠭᠠᠵᠠᠷ ᠨᠤᠲᠤᠭ ᠪᠡᠯᠴᠢᠭᠡᠷ ᠨᠤᠭᠤ ᠭᠠᠵᠠᠷ ᠢ ᠬᠠᠤᠯᠢ ᠠᠴᠠ ᠵᠥᠷᠢᠴᠡᠨ ᠬᠠᠭᠠᠯᠪᠤᠷᠢᠯᠠᠬᠤ ᠪᠠᠶᠢᠳᠠᠯ ᠢ ᠡᠷᠡᠰ ᠬᠤᠷᠢᠭᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ︿ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠷ ᠰᠠᠭᠤᠷᠢ ᠪᠣᠯᠭᠠᠵᠤ ᠣᠶᠢᠲᠤ ᠭᠠᠵᠠᠷ  ᠤᠨ  ᠬᠠᠮᠢᠶᠠᠷᠤᠯᠲᠠ ᠶᠢᠨ ᠵᠠᠭᠠᠭ ᠱᠤᠭᠤᠮ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ﹀︾ ︵ᠥᠪᠥᠷ ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ ﹇2023﹈ 32 ᠳ᠋ᠤᠭᠠᠷ ᠲᠣᠭᠠᠲᠤ︶ ᠵᠢᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠠᠯᠪᠠᠨ ᠬᠡᠷ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠪᠠ᠃ ᠵᠠᠷᠯᠠᠯ ᠨᠢ ᠳᠣᠤᠷᠠᠬᠢ ᠮᠡᠲᠦ᠄    ᠨᠢᠭᠡ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢᠨ ᠡᠭᠦᠷᠭᠡᠯᠡᠪᠡᠰᠦ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠶᠢᠨ ᠳᠠᠯᠠᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠳᠤ᠄ ᠲᠤᠰ ᠬᠠᠤᠯᠢ ᠶᠢᠨ ᠲᠣᠭᠲᠠᠭᠠᠯ ᠠᠴᠠ ᠵᠥᠷᠢᠴᠡᠨ᠂ ᠬᠠᠭᠠᠯᠪᠤᠷᠢᠯᠠᠬᠤ᠂ ᠴᠢᠯᠠᠭᠤ ᠠᠪᠬᠤ᠂ ᠬᠠᠶᠢᠷ ᠮᠠᠯᠲᠠᠬᠤ᠂ ᠰᠢᠷᠣᠶ ᠠᠪᠬᠤ ᠪᠤᠶᠤ ᠪᠤᠰᠤᠳ ᠠᠵᠢᠯᠯᠠᠭ᠎ᠠ ᠬᠢᠭᠰᠡᠨ ᠠᠴᠠ ᠪᠣᠯᠵᠤ ᠂ ᠣᠶ ᠮᠣᠳᠣ ᠶᠢ ᠰᠦᠢᠳᠬᠡᠭᠰᠡᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠤᠯ ᠭᠠᠵᠠᠷ ᠲᠤᠨᠢ ᠪᠤᠶᠤ ᠣᠨᠳᠣᠤ ᠭᠠᠵᠠᠷ ᠲᠤ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠤᠭᠰᠢ ᠨᠥᠬᠦᠵᠦ ᠲᠠᠷᠢᠨ᠂ ᠡᠪᠳᠡᠷᠡᠵᠦ ᠬᠤᠬᠢᠷᠠᠭᠰᠠᠨ ᠣᠢ ᠮᠣᠳᠤᠨ ᠤ ᠥᠷᠲᠡᠭ ᠤᠨ ᠲᠠᠪᠤᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ ᠃  ᠣᠶ ᠰᠢᠭᠤᠶ ᠶᠢᠨ ᠭᠠᠵᠠᠷ ᠢ ᠡᠪᠳᠡᠭᠰᠡᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠬᠤᠴᠢᠯᠭ᠎ᠠ ᠪᠠ ᠣᠶ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ ᠢ ᠨᠢ  ᠰᠡᠷᠭᠦᠭᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠣᠢ ᠰᠢᠭᠤᠢ ᠶᠢᠨ ᠦᠢᠯᠡᠳᠪᠦᠷᠢᠯᠡᠯ ᠤᠨ ᠨᠦᠭᠦᠴᠡᠯ ᠳᠤ ᠬᠡᠷᠡᠭᠰᠡᠬᠦ ᠵᠠᠷᠤᠳᠠᠯ ᠤᠨ ᠬᠢᠨᠢ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠡᠭᠦᠨ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ 342 ᠳ᠋ᠤᠭᠠᠷ ᠵᠦᠢᠯ ᠵᠢᠴᠢ ︽ᠣᠶ ᠰᠢᠭᠤᠶ ᠶᠢᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ ︾ ︵ᠬᠠᠤᠯᠢ ᠲᠠᠶᠢᠯᠪᠤᠷᠢ ︹2023︺ 8 ᠳ᠋ᠤᠭᠠᠷ ᠲᠣᠭᠠᠲᠤ︶ ᠤᠨ ᠨᠢᠭᠡᠳᠦᠭᠡᠷ ᠵᠦᠢᠯ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ  ᠨᠡᠬᠡᠮᠵᠢᠯᠡᠨ᠎ᠡ᠃    ︵ᠨᠢᠭᠡ ︶ ᠨᠡᠶᠢᠲᠡ ᠶᠢᠨ ᠠᠰᠠᠷᠠᠮᠵᠢ ᠶᠢᠨ ᠣᠶ ᠶᠢᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠦᠭᠡᠳ ᠲᠠᠪᠤᠨ ᠮᠦ ᠠᠴᠠ ᠳᠡᠭᠡᠭᠰᠢ ᠰᠦᠢᠳᠬᠡᠭᠰᠡᠨ ᠪᠠᠶᠢᠪᠠᠯ ︔       ︵ᠬᠤᠶᠠᠷ ︶ ᠲᠠᠸᠠᠷ ᠤᠨ ᠣᠶ ᠮᠣᠳᠣᠨ ᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ  ᠪᠦᠭᠡᠳ ᠠᠷᠪᠠᠨ ᠮᠦ ᠠᠴᠠ ᠳᠡᠭᠡᠭᠰᠢ ᠡᠪᠳᠡᠭᠰᠡᠨ ᠪᠠᠶᠢᠪᠠᠯ ︔      ︵ᠭᠤᠷᠪᠠ ︶ ᠨᠡᠶᠢᠲᠡ ᠶᠢᠨ ᠠᠰᠠᠷᠠᠮᠵᠢ ᠶᠢᠨ ᠣᠢ ᠂ ᠲᠠᠸᠠᠷ ᠤᠨ ᠣᠶ ᠶᠢᠨ  ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠦᠭᠡᠳ ᠰᠦᠢᠳᠬᠡᠭᠰᠡᠨ ᠬᠡᠮᠵᠢᠶ᠎ᠡ ᠨᠢ ᠬᠡᠳᠦᠶᠢᠪᠡᠷ ᠲᠤᠰ ᠲᠤᠰ ᠨᠢᠭᠡᠳᠦᠭᠡᠷ ᠂ ᠬᠤᠶᠠᠳᠤᠭᠠᠷ ᠵᠣᠷᠪᠤᠰ ᠲᠤ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠰᠡᠨ ᠦᠭᠡᠢ ᠂  ᠭᠡᠪᠡᠴᠦ ᠵᠣᠬᠢᠴᠠᠩᠭᠤᠶ ᠬᠠᠷᠢᠴᠠᠯ ᠢᠶᠠᠷ ᠨᠤᠭᠤᠯᠤᠨ ᠪᠤᠳᠤᠵᠤ ᠬᠤᠯᠪᠤᠭᠳᠠᠯ ᠪᠦᠬᠦᠢ ᠪᠠᠷᠢᠮᠵᠢᠶ᠎ᠠ ᠳᠤ ᠬᠦᠷᠦᠭᠰᠡᠨ ᠪᠠᠶᠢᠪᠠᠯ︔   ︵ᠳᠥᠷᠪᠡ︶ ᠬᠤᠶᠠᠷ ᠵᠢᠯ ᠤᠨ ᠳᠣᠲᠣᠷ᠎ᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠴᠠ ᠪᠣᠯᠵᠤ ᠬᠤᠶᠠᠷ ᠤᠳᠠᠭ᠎ᠠ ᠠᠴᠠ ᠳᠡᠭᠡᠭᠰᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠬᠦᠷᠲᠡᠭᠰᠡᠨ ᠪᠦᠭᠡᠳ ᠪᠠᠰᠠ  ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠂ ᠲᠤᠭ᠎ᠠ ᠬᠡᠮᠵᠢᠶ᠎ᠡ ᠨᠢ ᠨᠢᠭᠡᠳᠦᠭᠡᠷ ᠠᠴᠠ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠪᠠᠷᠢᠮᠵᠢᠶ᠎ᠠ ᠶᠢᠨ ᠬᠠᠭᠠᠰ ᠠᠴᠠ ᠳᠡᠭᠡᠭᠰᠢ ᠳᠤ ᠬᠦᠷᠦᠭᠰᠡᠨ ᠪᠠᠶᠢᠪᠠᠯ︔    ᠬᠤᠶᠠᠷ ᠂ ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢᠨ ᠡᠭᠦᠷᠭᠡᠯᠡᠬᠦ ᠬᠠᠤᠯᠢ ᠴᠠᠭᠠᠵᠠ ᠶᠢᠨ ᠬᠠᠷᠢᠭᠤᠴᠠᠯᠭ᠎ᠠ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠄ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠡᠷᠡᠭᠦᠦ ᠶᠢᠨ ᠰᠢᠢᠳᠬᠡᠯ ᠳᠤ ᠬᠠᠷᠠᠬᠠᠨ ᠬᠦᠷᠬᠦ ᠦᠭᠡᠢ ᠪᠣᠯ᠂ ᠰᠢᠶᠠᠨ ᠤ ᠱᠠᠲᠤᠨ ᠠᠴᠠ ᠲᠡᠭᠡᠭᠰᠢᠬᠢ ᠠᠷᠠᠳ ᠤᠨ  ᠵᠠᠰᠠᠭ ᠤᠨ ᠣᠷᠳᠤᠨ ᠤ ᠨᠣᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠡᠷᠬᠡ ᠳᠤᠰᠢᠶᠠᠯ ᠢᠶᠠᠨ ᠦᠨᠳᠦᠰᠦᠯᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ  ᠨᠢ ᠵᠠᠷᠯᠢᠭᠳᠠᠵᠤ ᠪᠠᠶᠢᠭᠠᠳ ᠵᠣᠭᠰᠤᠭᠠᠵᠤ ᠂ ᠤᠷᠭᠤᠮᠠᠯ ᠤᠨ ᠬᠤᠴᠢᠯᠭ᠎ᠠ ᠶᠢ ᠨᠢ ᠬᠤᠭᠤᠴᠠᠭ᠎ᠠ ᠬᠢᠵᠠᠭᠠᠷᠯᠠᠨ ᠰᠡᠷᠭᠦᠭᠡᠵᠦ ᠂ ᠬᠠᠤᠯᠢ ᠪᠣᠰᠤ ᠡᠳ᠋ ᠪᠣᠳᠠᠰ ᠪᠠ ᠬᠠᠤᠯᠢ ᠠᠴᠠ ᠵᠦᠷᠢᠴᠡᠵᠦ ᠣᠯᠤᠭᠰᠠᠨ ᠣᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠦᠷᠢᠴᠡᠵᠦ ᠣᠯᠤᠭᠰᠠᠨ ᠣᠯᠵᠠᠪᠤᠷᠢ ᠶᠢᠨ ᠬᠢᠨᠢ ᠨᠢᠭᠡ ᠳᠠᠬᠢᠨ ᠠᠴᠠ ᠳᠡᠭᠡᠭᠰᠢ ᠲᠠᠪᠤᠨ ᠳᠠᠬᠢᠨ ᠠᠴᠠ ᠳᠣᠷᠤᠭᠰᠢ ᠵᠣᠭᠤᠰ ᠢᠶᠠᠷ ᠲᠣᠷᠭᠠᠨ᠎ᠠ︔  ᠬᠠᠤᠯᠢ ᠠᠴᠠ ᠵᠦᠷᠢᠴᠡᠵᠦ ᠤᠯᠤᠭᠰᠠᠨ ᠣᠯᠵᠠᠪᠤᠷᠢ ᠦᠭᠡᠢ ᠪᠣᠯ ᠂  ᠲᠠᠪᠤᠨ ᠲᠦᠮᠡᠨ ᠲᠦᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠨ᠎ᠠ︔ ᠨᠤᠲᠤᠭ ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠲᠥᠯᠥᠬᠦ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠦᠨ᠎ᠡ᠃ ᠡᠭᠦᠨ ᠳᠤ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠨ᠂ ᠲᠤᠭ᠎ᠠ ᠬᠡᠮᠵᠢᠶ᠎ᠡ ᠨᠢ ᠬᠤᠷᠢᠨ ᠮᠦ ᠠᠴᠠ ᠳᠡᠭᠡᠭᠰᠢ ᠪᠣᠯᠣᠭᠰᠠᠨ ᠪᠤᠶᠤ ᠡᠰᠡᠬᠦᠯ᠎ᠡ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠠᠴᠠ ᠪᠣᠯᠵᠤ ᠵᠠᠰᠠᠭ ᠵᠠᠬᠢᠷᠭᠠᠨ ᠤ ᠰᠢᠢᠳᠭᠡᠯ ᠣᠯᠣᠭᠠᠳ ᠭᠤᠷᠪᠠᠨ ᠵᠢᠯ ᠤᠨ ᠳᠣᠲᠣᠷ᠎ᠠ ᠪᠠᠰᠠ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠨ᠂ ᠲᠤᠭ᠎ᠠ ᠬᠡᠮᠵᠢᠶ᠎ᠡ ᠨᠢ ᠠᠷᠪᠠᠨ ᠮᠦ ᠠᠴᠠ ᠳᠡᠭᠡᠭᠰᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ 342 ᠳ᠋ᠤᠭᠠᠷ ᠵᠦᠢᠯ ᠵᠢᠴᠢ ︽ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠰᠠᠭᠤᠳᠠᠯ ᠤᠳ ᠤᠨ ᠲᠤᠬᠠᠢ ᠲᠠᠶᠢᠯᠪᠤᠷᠢ︾ ︵ᠬᠠᠤᠯᠢ ᠲᠠᠶᠢᠯᠪᠤᠷᠢ ︵2012︶ 15 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ  ᠦᠨᠳᠦᠰᠦᠯᠡᠨ ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠣᠰᠤ ᠪᠠᠷ ᠡᠵᠡᠯᠡᠨ ᠬᠡᠷᠡᠭᠯᠡᠭᠰᠡᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ  ᠃      ᠭᠤᠷᠪᠠ᠂ ᠨᠤᠭᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢᠨ ᠡᠭᠦᠷᠭᠡᠯᠡᠪᠡᠰᠦ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢᠨ ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠶᠢᠭᠠᠯᠢᠭ ᠨᠤᠭᠤ ᠭᠠᠵᠠᠷ ᠢ ︵ᠬᠦᠷᠢᠶᠡᠯᠡᠬᠦ︶ ᠬᠠᠭᠠᠯᠪᠤᠷᠢᠯᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠨᠤᠭᠤ ᠭᠠᠵᠠᠷ ᠢ ᠵᠠᠰᠠᠨ ᠰᠡᠷᠭᠦᠭᠡᠬᠦ ᠪᠤᠶᠤ ᠪᠤᠰᠤᠳ ᠨᠦᠬᠦᠪᠦᠷᠢᠯᠡᠵᠦ ᠵᠠᠰᠠᠬᠤ ᠠᠷᠭ᠎ᠠ ᠬᠡᠮᠵᠢᠶ᠎ᠡ ᠠᠪᠴᠤ᠂ ᠬᠠᠤᠯᠢ  ᠪᠤᠰᠤ ᠣᠯᠵᠠᠪᠤᠷᠢ ᠶᠢ ᠬᠤᠷᠢᠶᠠᠨ ᠠᠪᠬᠤ ᠶᠢᠨ ᠬᠠᠮᠲᠤ᠂ ᠨᠤᠭᠤ ᠭᠠᠵᠠᠷ  ᠢ ᠡᠪᠳᠡᠭᠰᠡᠨ ᠲᠡᠭᠰᠢ ᠳᠥᠷᠪᠡᠯᠵᠢᠨ ᠮᠧᠲᠷ ᠪᠦᠷᠢ ᠳᠤ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠨ᠎ᠠ︔ ᠤᠯᠤᠰ ᠤᠨ ᠴᠢᠬᠤᠯᠠ ᠨᠤᠭᠤ ᠭᠠᠵᠠᠷ ᠢ ᠡᠪᠳᠡᠭᠰᠡᠨ ᠪᠠᠶᠢᠪᠠᠯ᠂ ᠲᠡᠭᠰᠢ ᠳᠥᠷᠪᠡᠯᠵᠢᠨ ᠮᠧᠲᠷ ᠪᠦᠷᠢ ᠳᠤ ᠮᠢᠩᠭᠠᠨ ᠲᠥᠭᠦᠷᠢᠭ ᠠᠴᠠ ᠳᠡᠭᠡᠭᠰᠢ ᠨᠢᠭᠡ ᠲᠦᠮᠡᠨ ᠲᠥᠭᠦᠷᠢᠭ ᠠᠴᠠ  ᠳᠣᠷᠤᠭᠰᠢ ᠵᠣᠭᠤᠰ ᠢᠶᠠᠷ  ᠲᠣᠷᠭᠠᠨ᠎ᠠ᠃      ᠳᠥᠷᠪᠡ᠂ ᠣᠶ ᠮᠣᠳᠣ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠪᠦᠬᠦ ᠲᠠᠯ᠎ᠠ ᠪᠠᠷ ᠴᠠᠭᠠᠵᠠᠯᠠᠬᠤ ᠬᠡᠷᠡᠭᠲᠡᠶ    ᠡᠩ ᠲᠡᠷᠢᠭᠦᠨ ᠳᠤ᠂ 2025 ᠣᠨ ᠠᠴᠠ ᠡᠬᠢᠯᠡᠨ᠂ ᠪᠣᠶ ᠪᠥᠬᠦᠶ ᠣᠶᠢᠲᠤ ᠭᠠᠵᠠᠷ ᠲᠤ ᠣᠶ ᠮᠣᠳᠣ  ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠨ᠎ᠠ᠂ ᠬᠡᠷᠪᠡ  ᠵᠦᠷᠢᠴᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔  ᠳᠠᠷᠠᠭ᠎ᠠ ᠨᠢ ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ ᠤ ᠳᠣᠲᠣᠷᠠᠬᠢ ᠪᠣᠶ ᠪᠥᠬᠦᠶ ᠣᠶ ᠮᠣᠳᠤ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠬᠤ ᠠᠮᠠᠯᠠᠯᠲᠠ ᠶᠢᠨ ᠪᠢᠴᠢᠭ ᠲᠣᠭᠲᠠᠵᠤ᠂ ᠥᠪᠡᠷ ᠤᠨ ᠣᠶᠢᠲᠤ ᠭᠠᠵᠠᠷ ᠪᠤᠶᠤ ᠪᠤᠰᠤᠳ ᠬᠥᠮᠦᠨ ᠤ ᠭᠠᠵᠠᠷ ᠰᠢᠷᠣᠶ ᠶᠢ ᠳᠠᠭᠠᠭᠠᠴᠢᠯᠠᠬᠤ ᠳᠤ ᠪᠠᠨ᠂ ᠲᠣᠰᠬᠤᠨ ᠤ ᠠᠷᠠᠳ ᠤᠨ ᠵᠥᠪᠯᠡᠯ᠂ ᠪᠠᠯᠭᠠᠰᠤᠨ ᠤ ᠵᠠᠰᠠᠭ ᠤᠨ ᠣᠷᠳᠣᠨ ᠤ ᠭᠠᠷᠭᠠᠭᠰᠠᠨ ᠬᠠᠮᠢᠶ᠎ᠠ ᠪᠥᠬᠦᠶ ᠭᠡᠷᠡᠴᠢᠯᠡᠬᠦ ᠪᠢᠴᠢᠭ ᠮᠠᠲ᠋ᠧᠷᠢᠶᠠᠯ ᠪᠤᠶᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ ᠪᠠᠶᠢᠴᠠᠭᠠᠨ ᠦᠵᠡᠵᠦ᠂ ᠭᠠᠵᠠᠷ ᠰᠢᠷᠣᠶ ᠶᠢᠨ ᠲᠥᠷᠥᠯ ᠬᠡᠯᠪᠡᠷᠢ ᠶᠢ ᠬᠠᠭᠠᠯᠪᠤᠷᠢᠯᠠᠵᠤ ᠪᠣᠯᠬᠤ ᠡᠰᠡᠬᠦ ᠶᠢ ᠲᠣᠭᠲᠠᠭᠠᠨ᠎ᠠ᠃ ᠬᠡᠷᠪᠡ ᠭᠠᠵᠠᠷ ᠰᠢᠷᠣᠶ ᠶᠢᠨ ᠥᠮᠴᠢᠯᠡᠭᠴᠢ ᠨᠢ ᠬᠠᠮᠢᠶ᠎ᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠵᠤ ᠳᠡᠶᠢᠯᠬᠦ ᠦᠭᠡᠶ ᠪᠤᠶᠤ ᠭᠠᠵᠠᠷ ᠰᠢᠷᠣᠶ ᠶᠢᠨ ᠲᠥᠷᠥᠯ ᠬᠡᠯᠪᠡᠷᠢ ᠨᠢ ᠬᠠᠭᠠᠯᠪᠤᠷᠢᠯᠠᠵᠤ ᠪᠣᠯᠬᠤ ᠭᠠᠵᠠᠷ ᠰᠢᠷᠣᠶ ᠶᠢ ᠭᠡᠷᠡᠴᠢᠯᠡᠵᠦ ᠳᠡᠶᠢᠯᠬᠦ ᠦᠭᠡᠶ ᠪᠣᠯ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ ᠳᠤᠷ᠎ᠠ ᠪᠠᠷ ᠢᠶᠠᠨ ᠬᠠᠭᠠᠯᠪᠤᠷᠢᠯᠠᠵᠤ᠂ ᠡᠪᠳᠡᠵᠦ ᠪᠣᠯᠬᠤ ᠦᠭᠡᠶ᠃ ᠬᠡᠷᠪᠡ ᠣᠶᠢᠲᠤ ᠭᠠᠵᠠᠷ᠂ ᠨᠤᠲᠤᠭ ᠪᠡᠯᠴᠢᠭᠡᠷ  ᠤᠨ ᠭᠠᠵᠠᠷ ᠭᠡᠳᠡᠭ ᠢ ᠮᠡᠳᠡᠵᠦ ᠪᠠᠶᠢᠭᠠᠳ ᠪᠤᠶᠤ ᠬᠠᠮᠢᠶ᠎ᠠ ᠪᠦᠬᠦᠢ ᠭᠡᠷᠡᠴᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ ᠦᠭᠡᠢ ᠪᠠᠷ ᠦᠷᠭᠦᠯᠵᠢᠯᠡᠨ ᠭᠠᠵᠠᠷ ᠰᠢᠷᠣᠢ  ᠶᠢ ᠳᠠᠭᠠᠭᠠᠴᠢᠯᠠᠨ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠵᠤ᠂ ᠡᠷᠡᠭᠦᠦ ᠶᠢᠨ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠳᠠᠬᠢᠪᠠᠯ᠂ ᠥᠷᠭᠡᠨ ᠣᠯᠠᠨ ᠲᠠᠷᠢᠶᠠᠯᠠᠩ ᠤᠨ ᠮᠠᠰᠢᠨ ᠪᠠᠭᠠᠵᠢ ᠶᠢᠨ ᠥᠮᠴᠢᠯᠡᠭᠴᠢ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠭᠠᠵᠠᠷ ᠰᠢᠷᠣᠶ ᠶᠢ ᠬᠠᠭᠠᠯᠪᠤᠷᠢᠯᠠᠬᠤ ᠳᠤ᠂ ᠲᠣᠰ ᠭᠠᠵᠠᠷ ᠤᠨ ᠭᠠᠵᠠᠷ ᠰᠢᠷᠣᠶ ᠶᠢᠨ ᠰᠢᠨᠵᠢ ᠴᠢᠨᠠᠷ ᠢ ᠲᠣᠭᠲᠠᠭᠠᠵᠤ᠂ ᠭᠠᠵᠠᠷ ᠰᠢᠷᠣᠶ ᠶᠢᠨ ᠰᠢᠨᠵᠢ ᠴᠢᠨᠠᠷ ᠢ ᠭᠡᠷᠡᠴᠢᠯᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ︵ᠳᠠᠷᠤᠶ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠪᠢᠴᠢᠭ ᠮᠠᠲ᠋ᠧᠷᠢᠶᠠᠯ᠂ ᠭᠡᠷᠡᠴᠢ ᠵᠡᠷᠭᠡ︶ ᠢ ᠪᠠᠶᠢᠴᠠᠭᠠᠨ ᠦᠵᠡᠬᠦ ᠬᠡᠷᠡᠭᠲᠡᠶ᠃ ᠬᠡᠷᠪᠡ ᠬᠥᠯᠥᠰᠥᠯᠡᠭᠴᠢ ᠨᠢ ᠳᠡᠭᠡᠷ᠎ᠡ ᠳᠤᠷᠠᠳᠤᠭᠰᠠᠨ ᠭᠡᠷᠡᠴᠢ ᠶᠢᠨ ᠪᠢᠴᠢᠭ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠶ ᠪᠤᠶᠤ ᠭᠠᠵᠠᠷ ᠰᠢᠷᠣᠶ ᠶᠢᠨ ᠲᠥᠷᠥᠯ ᠬᠡᠯᠪᠡᠷᠢ ᠨᠢ ᠬᠠᠭᠠᠯᠪᠤᠷᠢᠯᠠᠵᠤ ᠪᠣᠯᠬᠤ ᠭᠠᠵᠠᠷ ᠰᠢᠷᠣᠶ ᠶᠢ ᠭᠡᠷᠡᠴᠢᠯᠡᠵᠦ ᠳᠡᠶᠢᠯᠬᠦ ᠦᠭᠡᠶ ᠪᠣᠯ ᠳᠤᠷ᠎ᠠ ᠪᠠᠷ ᠢᠶᠠᠨ ᠬᠠᠭᠠᠯᠪᠤᠷᠢᠯᠠᠵᠤ ᠪᠣᠯᠬᠤ ᠦᠭᠡᠶ᠃ ᠬᠡᠷᠪᠡ ᠤᠶᠢᠳᠤ ᠭᠠᠵᠠᠷ᠂ ᠨᠤᠳᠤᠭ ᠪᠡᠯᠴᠢᠭᠡᠷ ᠤᠨ ᠭᠠᠵᠠᠷ ᠢ ᠮᠡᠳᠡᠵᠦ ᠪᠠᠶᠢᠭᠠᠳ ᠪᠤᠶᠤ ᠬᠠᠮᠢᠶ᠎ᠠ ᠪᠦᠬᠦᠢ ᠭᠡᠷᠡᠴᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ ᠦᠭᠡᠢ ᠪᠠᠷ ᠦᠷᠬᠦᠯᠵᠢᠯᠡᠨ ᠬᠦᠮᠦᠨ ᠳᠤ ᠬᠦᠯᠦᠰᠦᠯᠡᠭᠳᠡᠨ ᠭᠠᠵᠠᠷ ᠰᠢᠷᠤᠢ ᠶᠢ ᠬᠠᠤᠯᠢ ᠪᠤᠰᠤ ᠪᠠᠷ ᠬᠠᠭᠠᠯᠪᠤᠷᠢᠯᠠᠵᠤ᠂ ᠡᠷᠡᠭᠦᠤ ᠶᠢᠨ ᠭᠡᠷᠡᠭ ᠪᠤᠯᠭᠠᠬᠤ ᠪᠠᠷᠢᠮᠵᠢᠶ᠎ᠠ ᠳᠤ ᠭᠦᠷᠦᠭᠰᠡᠨ ᠪᠠᠶᠢᠪᠠᠯ᠂ ᠬᠠᠮᠳᠤ ᠪᠠᠷ ᠶᠠᠯ᠎ᠠ ᠬᠢᠭᠰᠡᠨ ᠢᠶᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ  ᠃    ᠲᠠᠪᠤ᠂ ᠰᠢᠨᠡᠳᠬᠡᠵᠦ ᠣᠶᠢᠵᠢᠭᠤᠯᠬᠤ ᠠᠴᠠ ᠡᠮᠦᠨ᠎ᠡ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ    ᠬᠡᠰᠡᠭ ᠭᠠᠵᠠᠷ ᠣᠷᠣᠨ ᠳᠤ ᠲᠤᠬᠠᠶ ᠶᠢᠨ ᠵᠢᠯ ᠣᠭᠲᠣᠯᠬᠤ᠂ ᠳᠠᠷᠠᠭ᠎ᠠ ᠵᠢᠯ ᠣᠶᠢᠵᠢᠭᠤᠯᠬᠤ᠂ ᠰᠢᠨᠡᠳᠬᠡᠵᠦ ᠣᠶᠢᠵᠢᠭᠤᠯᠬᠤ ᠠᠴᠠ ᠡᠮᠦᠨ᠎ᠡ ᠨᠢᠭᠡ ᠤᠳᠠᠭᠠᠨ ᠤ ᠲᠠᠷᠢᠮᠠᠯ ᠲᠠᠷᠢᠭᠰᠠᠨ ᠪᠠᠶᠢᠳᠠᠯ ᠢ ᠦᠨᠳᠦᠰᠦᠯᠡᠨ᠂ ᠣᠶᠢᠲᠤ ᠭᠠᠵᠠᠷ ᠤᠨ ᠬᠡᠷᠡᠭᠯᠡᠯᠲᠡ ᠶᠢ ᠬᠤᠪᠢᠷᠠᠭᠤᠯᠵᠤ᠂ ︽ᠭᠤᠷᠪᠠᠨ ᠪᠠᠶᠢᠴᠠᠭᠠᠯᠲᠠ︾ ᠪᠠ ᠤᠯᠤᠰ ᠤᠨ ᠨᠤᠲᠤᠭ ᠳᠡᠪᠢᠰᠬᠡᠷ ᠤᠨ ᠣᠨ ᠤ ᠬᠤᠪᠢᠷᠠᠯᠲᠠ ᠶᠢᠨ ᠪᠠᠶᠢᠴᠠᠭᠠᠯᠲᠠ ᠳᠤᠮᠳᠠ᠂ ᠮᠣᠳᠣ  ᠶᠢ ᠣᠭᠲᠤᠯᠵᠤ ᠲᠠᠷᠢᠶᠠᠨ ᠭᠠᠵᠠᠷ  ᠪᠣᠯᠭᠠᠪᠠᠯ᠂ ᠣᠶᠢᠲᠤ ᠭᠠᠵᠠᠷ ᠤᠨ ᠲᠠᠯᠠᠪᠠᠶ ᠶᠢ ᠪᠠᠭᠠᠰᠬᠤ ᠪᠣᠯᠤᠨ᠎ᠠ᠃  ᠡᠶᠢᠮᠦᠷᠬᠦᠦ ᠠᠰᠠᠭᠤᠳᠠᠯ ᠳᠠᠬᠢᠨᠲᠠ ᠡᠭᠦᠰᠬᠦ ᠶᠢ ᠵᠣᠭᠰᠣᠭᠠᠵᠤ᠂ ᠲᠤᠰ ᠡᠳᠦᠷ ᠠᠴᠠ ᠡᠬᠢᠯᠡᠨ ᠮᠣᠳᠣ ᠣᠭᠲᠣᠯᠵᠤ  ᠰᠢᠨᠡᠳᠬᠡᠵᠦ ᠣᠶᠢᠵᠢᠭᠤᠯᠬᠤ ᠠᠴᠠ ᠡᠮᠦᠨ᠎ᠡ ᠶᠠᠮᠠᠷᠪᠠ ᠲᠠᠷᠢᠮᠠᠯ ᠲᠠᠷᠢᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠣᠭᠲᠣᠯᠵᠤ ᠠᠪᠤᠭᠰᠠᠨ ᠤ ᠳᠠᠷᠠᠭᠠᠬᠢ ᠠᠩᠬᠠᠳᠠᠭᠴᠢ  ᠣᠶᠢᠵᠢᠭᠤᠯᠬᠤ ᠤᠯᠠᠷᠢᠯ ᠳᠠᠭᠠᠨ ᠡᠷᠬᠡᠪᠰᠢ ᠴᠠᠭ ᠲᠤᠬᠠᠢ ᠳᠤᠨᠢ  ᠰᠢᠨᠡᠳᠬᠡᠨ ᠣᠶᠢᠵᠢᠭᠤᠯᠵᠤ᠂  ᠣᠶᠢᠲᠤ ᠭᠠᠵᠠᠷ ᠤᠨ  ᠪᠠᠭᠠᠰᠬᠠᠬᠤ ᠠᠴᠠ ᠵᠠᠶᠢᠯᠠᠰᠬᠢᠬᠤ ᠬᠡᠷᠡᠭᠲᠡᠢ᠃ ᠳᠣᠭᠲᠠᠭᠠᠯ ᠠᠴᠠ ᠵᠦᠷᠢᠴᠡᠪᠡᠯ ᠂ ᠣᠶ ᠰᠢᠭᠤᠶ ᠶᠢ ᠡᠪᠳᠡᠵᠦ ᠠᠲᠠᠷ ᠬᠠᠭᠠᠯᠪᠤᠷᠢᠯᠠᠭᠰᠠᠨ  ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ᠃    ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠭᠦᠢᠴᠡᠳᠭᠡᠬᠦ ᠶᠢ ᠲᠡᠪᠴᠢᠨ᠂ ᠬᠠᠤᠯᠢ ᠲᠣᠭᠲᠠᠭᠠᠯ ᠠᠴᠠ ᠵᠦᠷᠢᠴᠡᠭᠰᠡᠨ ᠠᠵᠢᠯᠯᠠᠭ᠎ᠠ ᠶᠢ ᠦᠷᠭᠦᠯᠵᠢᠯᠡᠨ ᠬᠢᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ  ᠬᠦᠨᠳᠦ ᠪᠠᠷ ᠰᠢᠢᠳᠭᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ  ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠨ᠎ᠡ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ    ᠠᠤᠬᠠᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ    2024 ᠣᠨ ᠤ 11 ᠰᠠᠷ᠎ᠠ ᠶᠢᠨ 25 ᠤ ᠡᠳᠦᠷ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号