| ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨ ᠭᠠᠮᠰᠢᠭ ᠤᠨ ᠠᠳᠡᠯ ᠢ ᠰᠡᠷᠭᠡᠶᠢᠯᠡᠬᠦ ᠶᠢᠨ ᠲᠥᠯᠥᠭᠡ᠂ ᠣᠶᠢᠷ᠎ᠠ ᠳᠤ᠂ | ᠠᠣᠬᠠᠨ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠬᠠᠷᠢᠶᠠᠲᠤ ᠣᠷᠣᠨ ᠤ ᠢᠳᠡᠭᠡᠨ ᠤᠮᠳᠠᠭᠠᠨ ᠤ ᠠᠵᠤ | ᠠᠬᠤᠶᠢᠯᠠᠯ ᠳᠤ ᠭᠦᠨᠵᠡᠭᠡᠶᠢᠷᠡᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠭᠠᠯ ᠤᠨᠲᠠᠷᠠᠭᠠᠬᠤ | ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ | ᠪᠠᠶᠢᠴᠠᠭᠠᠬᠤ ᠶᠠᠪᠤᠴᠠ ᠳᠤ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠳ ᠡᠩ ᠲᠡᠷᠢᠭᠦᠨ ᠳᠤ ᠢᠳᠡᠭᠡᠨ | ᠤᠮᠳᠠᠭᠠᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ | ᠬᠠᠷᠢᠭᠤᠴᠠᠯᠭᠠᠲᠠᠨ ᠠᠴᠠ ᠯᠠᠪᠯᠠᠨ ᠠᠰᠠᠭᠤᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠭᠠᠯ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠠᠶᠢᠭᠤᠯᠤᠭᠰᠠᠨ ᠡᠰᠡᠬᠦ ᠶᠢ ᠨᠤᠲᠠᠯᠠᠵᠤ᠂ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠢ ᠪᠠᠶᠢᠴᠠᠭᠠᠬᠤ ᠪᠠᠷ | ᠭᠤᠣᠯᠳᠠᠯᠭ᠎ᠠ ᠪᠣᠯᠭᠠᠪᠠ᠃ ᠪᠠᠶᠢᠴᠠᠭᠠᠬᠤ ᠠᠵᠢᠯᠲᠠᠨ ᠰᠢᠲᠠᠮᠠᠬᠠᠶ ᠬᠡᠶ ᠶᠢᠨ ᠬᠤᠭᠤᠯᠠᠶ ᠶᠢᠨ ᠬᠠᠭᠤᠴᠢᠷᠠᠭᠰᠠᠨ᠂ | ᠡᠪᠳᠡᠷᠡᠵᠦ ᠰᠦᠢᠳᠦᠭᠰᠡᠨ ᠡᠰᠡᠬᠦ᠂ ᠨᠡᠭᠡᠯᠡᠬᠡᠶ ᠶᠢ ᠨᠢ ᠬᠡᠪ ᠤᠨ ᠶᠣᠰᠣᠭᠠᠷ ᠬᠠᠭᠠᠵᠤ ᠳᠡᠶᠢᠯᠬᠦ ᠡᠰᠡᠬᠦ᠂ ᠲᠦᠭᠰᠢᠭᠦᠷᠢ | ᠮᠡᠳᠡᠭᠡᠯᠡᠬᠦ ᠲᠥᠬᠦᠭᠡᠷᠦᠮᠵᠢ ᠨᠢ ᠬᠤᠷᠴᠠ ᠰᠡᠷᠭᠡᠭ ᠪᠠᠶᠢᠬᠤ ᠡᠰᠡᠬᠦ ᠶᠢ ᠪᠠᠶᠢᠴᠠᠭᠠᠨ ᠦᠵᠡᠵᠦ᠂ ᠰᠢᠲᠠᠮᠠᠬᠠᠶ ᠬᠡᠶ | ᠯᠡᠪᠡᠷᠡᠭᠰᠡᠨ ᠠᠴᠠ ᠪᠣᠯᠵᠣ ᠠᠳᠡᠯ ᠭᠠᠷᠬᠤ ᠶᠢ ᠰᠡᠷᠭᠡᠶᠢᠯᠡᠪᠡ᠃ ᠲᠠᠷᠬᠠᠭᠠᠬᠤ ᠵᠠᠮ ᠪᠣᠯᠤᠨ ᠠᠶᠤᠯᠭᠦᠢ ᠭᠠᠷᠬᠤ | ᠡᠭᠦᠳᠡᠨ ᠤ ᠪᠠᠶᠢᠴᠠᠭᠠᠯᠲᠠ ᠨᠢ ᠠᠳᠠᠯᠢᠬᠠᠨ ᠪᠠᠷ ᠵᠠᠩᠭᠢᠯᠠᠭ᠎ᠠ ᠪᠠᠶᠢᠵᠤ᠂ ᠪᠠᠶᠢᠴᠠᠭᠠᠬᠤ ᠠᠵᠢᠯᠲᠠᠨ | ᠪᠠᠶᠢᠴᠠᠭᠠᠯᠲᠠ ᠶᠢᠨ ᠳᠤᠮᠳᠠ ᠭᠠᠷᠬᠤ ᠡᠭᠦᠳᠡ ᠶᠢᠨ ᠵᠠᠮ ᠱᠣᠭᠤᠮ ᠳᠤ ᠡᠯᠳᠡᠪ ᠶᠠᠭᠤᠮ᠎ᠠ ᠪᠥᠭᠯᠡᠷᠡᠬᠦ᠂ | ᠪᠢᠲᠡᠭᠦᠮᠵᠢᠯᠡᠭᠳᠡᠬᠦ ᠡᠰᠡᠬᠦ ᠵᠡᠷᠭᠡ ᠠᠰᠠᠭᠤᠳᠠᠯ ᠢ ᠪᠠᠶᠢᠴᠠᠭᠠᠨ ᠦᠵᠡᠵᠦ᠂ ᠭᠠᠯ ᠤᠨ ᠠᠶᠤᠯ ᠡᠭᠦᠰᠬᠦ ᠦᠶ᠎ᠡ ᠳᠤ | ᠬᠥᠮᠦᠰ ᠤᠨ ᠠᠮᠢ ᠵᠢᠭᠤᠲᠠᠬᠤ ᠶᠢ ᠪᠠᠲᠤᠯᠠᠬᠤ ᠬᠡᠷᠡᠭᠲᠡᠶ᠃ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ | ᠲᠣᠬᠢᠷᠠᠭᠤᠯᠤᠯᠲᠠ ᠴᠤ ᠪᠠᠶᠢᠴᠠᠭᠠᠯᠲᠠ ᠶᠢᠨ ᠴᠢᠬᠤᠯᠠ ᠠᠭᠤᠯᠭ᠎ᠠ ᠪᠠᠶᠢᠵᠤ᠂ ᠪᠠᠶᠢᠴᠠᠭᠠᠬᠤ ᠠᠵᠢᠯᠲᠠᠳ ᠭᠠᠯ | ᠤᠨᠲᠠᠷᠠᠭᠠᠭᠤᠷ᠂ ᠭᠠᠯ ᠤᠨᠲᠠᠷᠠᠭᠠᠬᠤ ᠮᠣᠰᠬᠢᠭᠤᠷ ᠵᠡᠷᠭᠡ ᠲᠥᠬᠦᠭᠡᠷᠦᠮᠵᠢ ᠶᠢ ᠨᠢᠭᠡᠳ ᠨᠢᠭᠡ ᠪᠠᠷ ᠵᠢᠭᠰᠠᠭᠠᠨ | ᠪᠠᠶᠢᠴᠠᠭᠠᠵᠤ᠂ ᠲᠤᠭ᠎ᠠ ᠬᠡᠮᠵᠢᠶ᠎ᠡ ᠨᠢ ᠭᠦᠢᠴᠡᠳ ᠪᠠᠶᠢᠬᠤ ᠡᠰᠡᠬᠦ᠂ ᠪᠦᠷᠢᠨ ᠪᠦᠲᠦᠨ ᠪᠠᠶᠢᠬᠤ ᠡᠰᠡᠬᠦ ᠶᠢ ᠨᠤᠲᠠᠯᠠᠪᠠ᠃ | ᠡᠭᠦᠨ ᠠᠴᠠ ᠭᠠᠳᠠᠨ᠎ᠠ᠂ ᠪᠠᠶᠢᠴᠠᠭᠠᠬᠤ ᠠᠵᠢᠯᠲᠠᠨ ᠪᠠᠰᠠ ᠴᠠᠬᠢᠯᠭᠠᠨ ᠤᠲᠠᠰᠤ ᠳᠡᠪᠢᠰᠦᠭᠰᠡᠨ᠂ ᠲᠣᠨᠤᠭ | ᠲᠥᠬᠦᠭᠡᠷᠦᠮᠵᠢ ᠤᠭᠰᠠᠷᠠᠭᠰᠠᠨ ᠵᠡᠷᠭᠡ ᠭᠠᠯ ᠴᠠᠬᠢᠯᠭᠠᠨ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠴᠠᠭ | ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠪᠠ᠃ | ᠲᠣᠰ ᠤᠳᠠᠭᠠᠨ ᠤ ᠪᠠᠶᠢᠴᠠᠭᠠᠯᠲᠠ ᠨᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠭᠠᠯ ᠤᠨᠲᠠᠷᠠᠭᠠᠬᠤ ᠠᠮᠤᠷ | ᠲᠦᠪᠰᠢᠨ ᠤ ᠳᠠᠯᠳᠠ ᠬᠡᠮ ᠢ ᠪᠠᠶᠢᠴᠠᠭᠠᠨ ᠭᠠᠷᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠮᠤᠷ | ᠲᠦᠪᠰᠢᠨ ᠤ ᠤᠬᠠᠮᠰᠠᠷ ᠢ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ᠂ ᠶᠡᠭᠡ ᠠᠩᠭᠢ ᠶᠢᠨ ᠬᠢᠨ ᠳᠠᠯᠳᠠ | ᠬᠡᠮ ᠢ ᠮᠥᠷᠳᠡᠨ ᠴᠡᠭᠴᠡᠯᠡᠨ ᠰᠠᠶᠢᠵᠢᠷᠠᠭᠤᠯᠵᠤ᠂ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠢ ᠰᠠᠬᠢᠨ ᠬᠠᠮᠠᠭᠠᠯᠠᠨ᠎ᠠ᠃ |