| ᠥᠷᠭᠡᠨ ᠣᠯᠠᠨ ᠬᠡᠷᠡᠭᠯᠡᠭᠴᠢᠳ᠄ | ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ | ᠲᠤᠰᠬᠠᠭᠰᠠᠨ ᠤᠰᠤ ᠴᠠᠬᠢᠯᠭᠠᠨ ᠬᠡᠢ ᠶᠢᠨ ᠬᠡᠮᠵᠢᠯᠲᠡ ᠶᠢᠨ ᠣᠨᠣᠪᠴᠢ ᠦᠭᠡᠶ ᠪᠠ ᠰᠦᠢᠳᠭᠡᠯ ᠬᠤᠷᠢᠶᠠᠬᠤ ᠨᠢ | ᠵᠢᠷᠤᠮᠵᠢᠯ ᠦᠭᠡᠶ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠲᠤᠰᠠᠳᠠ᠂ ᠥᠷᠭᠡᠨ ᠣᠯᠠᠨ | ᠠᠷᠠᠳ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠲᠣᠰ ᠡᠳᠦᠷ ᠠᠴᠠ ᠡᠬᠢᠯᠡᠨ | ᠨᠡᠶᠢᠭᠡᠮ ᠤᠨ ᠡᠯ᠎ᠡ ᠡᠲᠡᠭᠡᠳ ᠲᠤ ᠬᠠᠨᠳᠤᠭᠤᠯᠤᠨ ᠰᠠᠭᠤᠭᠠᠯᠢ ᠠᠷᠠᠳ ᠤᠨ ᠤᠰᠤ ᠴᠠᠬᠢᠯᠭᠠᠨ ᠬᠡᠢ ᠶᠢᠨ | ᠬᠡᠮᠵᠢᠯᠲᠡ ᠶᠢᠨ ᠣᠨᠣᠪᠴᠢ ᠦᠭᠡᠶ ᠪᠠᠶᠢᠬᠤ᠂ ᠰᠦᠢᠳᠭᠡᠯ ᠬᠤᠷᠢᠶᠠᠬᠤ ᠨᠢ ᠵᠢᠷᠤᠮᠵᠢᠯ ᠦᠭᠡᠶ ᠪᠠᠶᠢᠬᠤ ᠵᠡᠷᠭᠡ | ᠬᠠᠤᠯᠢ ᠠᠴᠠ ᠵᠥᠷᠢᠴᠡᠭᠰᠡᠨ ᠰᠦᠪᠡᠭᠴᠢ ᠶᠢ ᠢᠯᠡ ᠪᠠᠷ ᠴᠤᠭᠯᠠᠭᠤᠯᠤᠨ᠎ᠠ᠃ ᠡᠳᠦᠭᠡ ᠬᠤᠯᠪᠣᠭᠳᠠᠯ ᠪᠦᠬᠦᠢ ᠤᠴᠢᠷ ᠢ | ᠳᠣᠣᠷᠠᠬᠢ ᠮᠡᠲᠦ ᠵᠠᠷᠯᠠᠶ᠎ᠠ᠄ | ᠨᠢᠭᠡ᠂ ᠰᠦᠪᠡᠭᠴᠢ ᠴᠤᠭᠯᠠᠭᠤᠯᠬᠤ ᠬᠡᠪᠴᠢᠶ᠎ᠡ | ᠰᠠᠭᠤᠭᠠᠯᠢ ᠠᠷᠠᠳ ᠤᠨ ᠤᠰᠤ ᠴᠠᠬᠢᠯᠭᠠᠨ ᠬᠡᠢ ᠶᠢᠨ ᠬᠡᠮᠵᠢᠯᠲᠡ ᠶᠢᠨ ᠣᠨᠣᠪᠴᠢ ᠦᠭᠡᠶ᠂ ᠰᠦᠢᠳᠬᠡᠯ | ᠬᠤᠷᠢᠶᠠᠬᠤ ᠨᠢ ᠵᠢᠷᠤᠮᠵᠢᠯ ᠦᠭᠡᠶ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠨ᠎ᠠ᠄ ᠤᠰᠤ᠂ ᠴᠠᠬᠢᠯᠭᠠᠨ᠂ ᠬᠡᠢ | ᠡᠵᠡᠩᠨᠡᠬᠦ ᠠᠵᠤ ᠠᠬᠤᠶᠢᠯᠠᠯ ᠤᠰᠤᠨ ᠤ ᠬᠡᠮᠵᠢᠭᠦᠷ᠂ ᠴᠠᠬᠢᠯᠭᠠᠨ ᠤ ᠬᠡᠮᠵᠢᠭᠦᠷ᠂ ᠰᠢᠲᠠᠮᠠᠬᠠᠶ ᠬᠡᠢ ᠶᠢᠨ ᠬᠡᠮᠵᠢᠭᠦᠷ ︵ | ᠳᠣᠷᠣᠭᠰᠢ ︽ᠠᠷᠠᠳ ᠤᠨ ᠬᠡᠷᠡᠭᠯᠡᠭᠡᠨ ᠤ ᠭᠤᠷᠪᠠᠨ ᠬᠡᠮᠵᠢᠭᠦᠷ︾ ᠭᠡᠵᠦ ︶ ᠤᠭᠰᠠᠷᠠᠭᠤᠯᠬᠤ ᠦᠶ᠎ᠡ ᠳᠤ ᠠᠩᠬ᠎ᠠ | ᠤᠳᠠᠭ᠎ᠠ ᠰᠢᠯᠭᠠᠨ ᠳᠣᠭᠲᠠᠭᠠᠭᠰᠠᠨ ᠦᠭᠡᠢ ᠪᠣᠶᠤ ᠠᠩᠬ᠎ᠠ ᠤᠳᠠᠭ᠎ᠠ ᠰᠢᠯᠭᠠᠨ ᠳᠣᠭᠲᠠᠭᠠᠭᠰᠠᠨ ᠬᠢᠷᠢ ᠲᠡᠩᠴᠡᠭᠰᠡᠨ | ᠦᠭᠡᠢ ᠪᠠᠷ ᠤᠭᠰᠠᠷᠠᠭᠤᠯᠤᠨ ᠬᠡᠷᠡᠭᠯᠡᠭᠰᠡᠨ ᠪᠠᠶᠢᠪᠠᠯ᠂ ︽ᠠᠷᠠᠳ ᠤᠨ ᠬᠡᠷᠡᠭᠯᠡᠭᠡᠨ ᠤ ᠭᠤᠷᠪᠠᠨ ᠬᠡᠮᠵᠢᠭᠦᠷ︾ ᠢ | ᠠᠰᠢᠭᠯᠠᠨ ᠬᠡᠮᠵᠢᠯᠲᠡ ᠶᠢᠨ ᠭᠡᠮ ᠬᠢᠵᠦ᠂ ᠰᠠᠭᠤᠭᠠᠯᠢ ᠠᠷᠠᠳ ᠤᠨ ᠤᠰᠤ ᠴᠠᠬᠢᠯᠭᠠᠨ ᠬᠡᠢ ᠶᠢᠨ ᠦᠨ᠎ᠡ ᠬᠠᠩᠰᠢ ᠪᠠ | ᠰᠦᠢᠳᠬᠡᠯ ᠬᠤᠷᠢᠶᠠᠬᠤ ᠲᠠᠯ᠎ᠠ ᠪᠠᠷ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠶᠢ ᠬᠡᠷᠡᠭᠵᠢᠭᠦᠯᠬᠦ ᠦᠭᠡᠶ᠂ | ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠦᠭᠡᠢ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠠ᠃ | ᠬᠤᠶᠠᠷ᠂ ᠢᠯᠡᠴᠢᠯᠡᠨ ᠮᠡᠳᠡᠭᠦᠯᠬᠦ ᠵᠠᠷᠴᠢᠮ | 1. ᠢᠯᠡᠴᠢᠯᠡᠨ ᠮᠡᠳᠡᠭᠦᠯᠦᠭᠴᠢ ᠰᠦᠪᠡᠭᠴᠢ ᠬᠠᠩᠭᠠᠭᠰᠠᠨ ᠦᠨᠡᠨ ᠪᠣᠳᠠᠲᠤ ᠴᠢᠨᠠᠷ ᠲᠤ ᠪᠠᠨ ᠬᠠᠷᠢᠭᠤᠴᠠᠬᠤ | ᠬᠡᠷᠡᠭᠲᠡᠢ᠂ ᠵᠣᠷᠢᠭᠤᠳᠠ ᠬᠡᠷᠡᠭ ᠵᠣᠬᠢᠶᠠᠵᠤ ᠪᠤᠰᠤᠳ ᠢ ᠭᠦᠳᠬᠡᠨ ᠭᠦᠵᠢᠷᠯᠡᠵᠦ ᠪᠣᠯᠬᠤ ᠦᠭᠡᠢ︔ ᠮᠠᠭᠤ | ᠰᠠᠨᠠᠭ᠎ᠠ ᠲᠠᠢ ᠪᠠᠷ ᠢᠯᠡᠴᠢᠯᠡᠨ ᠮᠡᠳᠡᠭᠦᠯᠦᠭᠰᠡᠳ ᠢ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | 2. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠭᠴᠢ ᠶᠢᠨ | ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠪᠠᠲᠤᠯᠠᠵᠤ᠂ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢ ᠵᠠᠳᠠᠷᠠᠭᠤᠯᠤᠭᠰᠠᠨ | ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ | ᠭᠤᠷᠪᠠ᠂ ᠵᠠᠭᠠᠯᠳᠤᠵᠤ ᠢᠯᠡᠴᠢᠯᠡᠨ ᠮᠡᠳᠡᠭᠦᠯᠬᠦ ᠤᠲᠠᠰᠤ᠄ 0476—4669315 | ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2025 ᠣᠨ ᠤ 4 ᠰᠠᠷ᠎ᠠ ᠶᠢᠨ 11 ᠤ ᠡᠳᠦᠷ |