| 4 ᠰᠠᠷ᠎ᠠ ᠶᠢᠨ 14 ᠤ ᠡᠳᠦᠷ᠂ ᠪᠥᠬᠦ ᠬᠤᠰᠢᠭᠤᠨ ᠤ 2025 ᠣᠨ ᠤ ︽ᠴᠢᠬᠤᠯᠠ ᠶᠡᠭᠡ ᠲᠥᠷᠥᠯ ᠵᠦᠢᠯ ᠢ | ᠲᠥᠯᠥᠪᠵᠢᠭᠦᠯᠬᠦ ᠠᠵᠢᠯᠯᠠᠭ᠎ᠠ︾ ᠵᠢᠴᠢ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠢ ᠠᠬᠢᠭᠤᠯᠬᠤ ᠬᠤᠷᠠᠯ ᠢ | ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠵᠤ᠂ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠵᠠᠰᠠᠭ ᠤᠨ ᠶᠠᠪᠤᠳᠠᠯ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠪᠣᠳᠠᠲᠠᠶ ᠲᠤᠬᠠᠶᠢᠯᠠᠭᠰᠠᠨ | ᠠᠵᠢᠯ ᠤᠨ ᠬᠠᠷᠢᠭᠤᠴᠠᠯᠭᠠᠲᠠᠨ ᠵᠢᠴᠢ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠪᠣᠳᠠᠲᠠᠶ ᠲᠤᠬᠠᠶᠢᠯᠠᠭᠰᠠᠨ ᠠᠵᠢᠯ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | | ᠬᠤᠷᠠᠯ ᠠᠴᠠ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠬᠤᠯᠪᠣᠭᠳᠠᠯ ᠪᠦᠬᠦᠢ ᠠᠵᠢᠯ ᠢ | ᠲᠤᠬᠢᠷᠠᠭᠤᠯᠤᠨ ᠪᠠᠶᠢᠷᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠬᠦᠷᠢᠶᠡᠨ ᠤ ᠠᠵᠢᠯ ᠤᠨ ᠠᠭᠤᠯᠭ᠎ᠠ ᠳᠤ ᠲᠠᠶᠢᠯᠤᠮᠵᠢ ᠬᠢᠭᠰᠡᠨ ᠪᠥᠭᠡᠳ ᠬᠤᠷᠠᠯ ᠳᠤ | ᠣᠷᠣᠯᠴᠠᠭᠰᠠᠳ ᠲᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠵᠡᠢ᠃ | ᠬᠤᠷᠠᠯ ᠠᠴᠠ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠣᠯ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ︽ᠵᠢᠷᠭᠤᠭᠠᠨ ᠠᠵᠢᠯᠯᠠᠭ᠎ᠠ︾ ᠶᠢᠨ ᠵᠠᠩᠭᠢᠯᠠᠭ᠎ᠠ ᠪᠣᠯᠤᠨ᠎ᠠ᠂ ᠠᠵᠤ ᠠᠬᠤᠶ ᠶᠢᠨ | ᠬᠥᠭᠵᠢᠯᠲᠡ ᠶᠢ ᠬᠥᠲᠥᠯᠦᠨ ᠳᠠᠭᠠᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠤᠨ ᠲᠤᠯᠭᠠᠭᠤᠷᠢᠯᠠᠬᠤ ᠳᠤ | ᠰᠡᠭᠦᠯᠴᠢ ᠶᠢᠨ ᠬᠦᠴᠦᠨ ᠢ ᠨᠡᠮᠡᠭᠳᠡᠭᠦᠯᠬᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ | ᠴᠢᠬᠤᠯᠠ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ᠂ ᠬᠤᠷᠠᠯ ᠳᠤ ᠣᠷᠣᠯᠴᠠᠭᠰᠠᠳ ᠬᠢᠯᠪᠠᠷ ᠪᠤᠰᠤ ᠪᠠᠷ ᠢᠷᠡᠭᠰᠡᠨ | ᠰᠤᠷᠤᠯᠴᠠᠬᠤ ᠠᠵᠠ ᠲᠣᠬᠢᠶᠠᠯ ᠢ ᠨᠠᠨᠳᠢᠩᠨᠠᠨ᠂ ᠰᠤᠷᠤᠯᠴᠠᠬᠤ ᠣᠪᠣᠷ ᠢᠶᠠᠨ ᠲᠥᠪ ᠪᠣᠯᠭᠠᠵᠤ᠂ ᠮᠠᠨ ᠤ ᠬᠤᠰᠢᠭᠤᠨ ᠤ | ᠲᠥᠷᠥᠯ ᠵᠦᠢᠯ ᠢ ᠲᠥᠯᠥᠪᠵᠢᠭᠦᠯᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠤᠯᠠᠮ ᠨᠢᠭᠡ ᠠᠯᠬᠤᠮ | ᠰᠢᠢᠳᠪᠦᠷᠢᠯᠡᠨ᠂ ᠬᠠᠮᠢᠶ᠎ᠠ ᠪᠥᠬᠦᠶ ᠬᠥᠮᠦᠰ ᠤᠨ ᠲᠤᠰᠬᠠᠶ ᠮᠡᠷᠭᠡᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠲᠥᠷᠥᠯ ᠵᠦᠢᠯ ᠢ ᠲᠥᠯᠥᠪᠵᠢᠭᠦᠯᠬᠦ ᠡᠭᠦᠷᠭᠡ ᠪᠠᠨ ᠳᠣᠭᠲᠠᠭᠰᠠᠨ ᠴᠠᠭ ᠲᠠᠭᠠᠨ ᠪᠡᠶᠡᠯᠡᠭᠦᠯᠬᠦ | ᠬᠡᠷᠡᠭᠲᠡᠶ ᠭᠡᠵᠦ ᠴᠢᠬᠤᠯᠠᠴᠢᠯᠠᠪᠠ᠃ |