| ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ | ᠪᠠᠶᠠᠯᠢᠭ ᠢ ᠬᠠᠮᠠᠭᠠᠯᠠᠨ ᠬᠠᠮᠢᠶᠠᠷᠬᠤ ᠠᠵᠢᠯ ᠢ ᠦᠨᠡᠨᠬᠦ ᠴᠢᠩᠭᠠᠳᠬᠠᠵᠤ᠂ ᠣᠶᠢᠲᠤ ᠭᠠᠵᠠᠷ ᠨᠤᠲᠤᠭ ᠪᠡᠯᠴᠢᠭᠡᠷ ᠨᠤᠭᠤ | ᠭᠠᠵᠠᠷ ᠢ ᠬᠠᠤᠯᠢ ᠠᠴᠠ ᠵᠥᠷᠢᠴᠡᠨ ᠬᠠᠭᠠᠯᠪᠤᠷᠢᠯᠠᠬᠤ ᠪᠠᠶᠢᠳᠠᠯ ᠢ ᠡᠷᠡᠰ ᠬᠤᠷᠢᠭᠯᠠᠬᠤ ᠶᠢᠨ ᠲᠥᠯᠥᠭᠡ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠬᠠᠤᠯᠢ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ︿ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ | ᠰᠢᠷᠣᠶ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠷ ᠰᠠᠭᠤᠷᠢ ᠪᠣᠯᠭᠠᠵᠤ ᠣᠶᠢᠲᠤ ᠭᠠᠵᠠᠷ ᠤᠨ | ᠬᠠᠮᠢᠶᠠᠷᠤᠯᠲᠠ ᠶᠢᠨ ᠵᠠᠭᠠᠭ ᠱᠤᠭᠤᠮ ᠢ ᠵᠢᠷᠤᠮᠵᠢᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ | ᠮᠡᠳᠡᠭᠳᠡᠯ﹀︾ ︵ᠥᠪᠥᠷ ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ ﹇2023﹈ 32 ᠳ᠋ᠤᠭᠠᠷ ᠲᠣᠭᠠᠲᠤ︶ | ᠵᠢᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠠᠯᠪᠠᠨ ᠬᠡᠷ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ | ᠬᠤᠰᠢᠭᠤᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠪᠠ᠃ ᠵᠠᠷᠯᠠᠯ ᠨᠢ ᠳᠣᠤᠷᠠᠬᠢ ᠮᠡᠲᠦ᠄ | ᠨᠢᠭᠡ᠂ ᠣᠶᠢᠲᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢᠨ ᠡᠭᠦᠷᠭᠡᠯᠡᠪᠡᠰᠦ ᠵᠣᠬᠢᠬᠤ ᠬᠠᠤᠯᠢ | ᠴᠠᠭᠠᠵᠠ ᠶᠢᠨ ᠬᠠᠷᠢᠭᠤᠴᠠᠯᠭ᠎ᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾ ᠶᠢᠨ ᠳᠠᠯᠠᠨ | ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠳᠤ᠄ ᠲᠤᠰ ᠬᠠᠤᠯᠢ ᠶᠢᠨ ᠲᠣᠭᠲᠠᠭᠠᠯ ᠠᠴᠠ | ᠵᠥᠷᠢᠴᠡᠨ᠂ ᠬᠠᠭᠠᠯᠪᠤᠷᠢᠯᠠᠬᠤ᠂ ᠴᠢᠯᠠᠭᠤ ᠠᠪᠬᠤ᠂ ᠬᠠᠶᠢᠷ ᠮᠠᠯᠲᠠᠬᠤ᠂ ᠰᠢᠷᠣᠶ ᠠᠪᠬᠤ ᠪᠤᠶᠤ ᠪᠤᠰᠤᠳ ᠠᠵᠢᠯᠯᠠᠭ᠎ᠠ | ᠬᠢᠭᠰᠡᠨ ᠠᠴᠠ ᠪᠣᠯᠵᠤ ᠂ ᠣᠶ ᠮᠣᠳᠣ ᠶᠢ ᠰᠦᠢᠳᠬᠡᠭᠰᠡᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ | ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ | ᠤᠤᠯ ᠭᠠᠵᠠᠷ ᠲᠤᠨᠢ ᠪᠤᠶᠤ ᠣᠨᠳᠣᠤ ᠭᠠᠵᠠᠷ ᠲᠤ ᠨᠢᠭᠡ ᠳᠠᠬᠢᠨ ᠠᠴᠠ ᠳᠡᠭᠡᠭᠰᠢ ᠭᠤᠷᠪᠠᠨ ᠳᠠᠬᠢᠨ ᠠᠴᠠ ᠳᠣᠷᠤᠭᠰᠢ | ᠨᠥᠬᠦᠵᠦ ᠲᠠᠷᠢᠨ᠂ ᠡᠪᠳᠡᠷᠡᠵᠦ ᠬᠤᠬᠢᠷᠠᠭᠰᠠᠨ ᠣᠢ ᠮᠣᠳᠤᠨ ᠤ ᠥᠷᠲᠡᠭ ᠤᠨ ᠲᠠᠪᠤᠨ ᠳᠠᠬᠢᠨ ᠠᠴᠠ ᠳᠣᠷᠣᠭᠰᠢ | ᠵᠣᠭᠤᠰ ᠢᠶᠠᠷ ᠲᠣᠷᠭᠠᠵᠤ ᠪᠣᠯᠤᠨ᠎ᠠ ᠃ ᠣᠶ ᠰᠢᠭᠤᠶ ᠶᠢᠨ ᠭᠠᠵᠠᠷ ᠢ ᠡᠪᠳᠡᠭᠰᠡᠨ ᠪᠣᠯ᠂ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠵᠤ᠂ | ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠬᠤᠴᠢᠯᠭ᠎ᠠ ᠪᠠ ᠣᠶ ᠰᠢᠭᠤᠶ ᠶᠢᠨ ᠦᠢᠯᠡᠳᠪᠦᠷᠢᠯᠡᠯ ᠤᠨ ᠨᠥᠬᠦᠴᠡᠯ ᠢ ᠨᠢ | ᠰᠡᠷᠭᠦᠭᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠣᠢ ᠰᠢᠭᠤᠢ ᠶᠢᠨ ᠦᠢᠯᠡᠳᠪᠦᠷᠢᠯᠡᠯ ᠤᠨ ᠨᠦᠭᠦᠴᠡᠯ ᠳᠤ | ᠬᠡᠷᠡᠭᠰᠡᠬᠦ ᠵᠠᠷᠤᠳᠠᠯ ᠤᠨ ᠬᠢᠨᠢ ᠭᠤᠷᠪᠠᠨ ᠳᠠᠬᠢᠨ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠡᠭᠦᠨ ᠳᠤ | ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠷᠡᠭᠦᠦ ᠶᠢᠨ ᠬᠠᠤᠯᠢ︾ ᠶᠢᠨ 342 ᠳ᠋ᠤᠭᠠᠷ ᠵᠦᠢᠯ ᠵᠢᠴᠢ ︽ᠣᠶ ᠰᠢᠭᠤᠶ ᠶᠢᠨ ᠡᠬᠢ ᠪᠠᠶᠠᠯᠢᠭ ᠢ ᠡᠪᠳᠡᠭᠰᠡᠨ | ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠠᠶᠢᠯᠪᠤᠷᠢᠯᠠᠯᠲᠠ | ︾ ︵ᠬᠠᠤᠯᠢ ᠲᠠᠶᠢᠯᠪᠤᠷᠢ ︹2023︺ 8 ᠳ᠋ᠤᠭᠠᠷ ᠲᠣᠭᠠᠲᠤ︶ ᠤᠨ ᠨᠢᠭᠡᠳᠦᠭᠡᠷ ᠵᠦᠢᠯ ᠤᠨ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠶᠠᠯ᠎ᠠ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ ︶ ᠨᠡᠶᠢᠲᠡ ᠶᠢᠨ ᠠᠰᠠᠷᠠᠮᠵᠢ ᠶᠢᠨ ᠣᠶ ᠶᠢᠨ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ | ᠪᠦᠭᠡᠳ ᠲᠠᠪᠤᠨ ᠮᠦ ᠠᠴᠠ ᠳᠡᠭᠡᠭᠰᠢ ᠰᠦᠢᠳᠬᠡᠭᠰᠡᠨ ᠪᠠᠶᠢᠪᠠᠯ ︔ | ︵ᠬᠤᠶᠠᠷ ︶ ᠲᠠᠸᠠᠷ ᠤᠨ ᠣᠶ ᠮᠣᠳᠣᠨ ᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠪᠦᠭᠡᠳ | ᠠᠷᠪᠠᠨ ᠮᠦ ᠠᠴᠠ ᠳᠡᠭᠡᠭᠰᠢ ᠡᠪᠳᠡᠭᠰᠡᠨ ᠪᠠᠶᠢᠪᠠᠯ ︔ | ︵ᠭᠤᠷᠪᠠ ︶ ᠨᠡᠶᠢᠲᠡ ᠶᠢᠨ ᠠᠰᠠᠷᠠᠮᠵᠢ ᠶᠢᠨ ᠣᠢ ᠂ ᠲᠠᠸᠠᠷ ᠤᠨ ᠣᠶ ᠶᠢᠨ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠪᠦᠭᠡᠳ ᠰᠦᠢᠳᠬᠡᠭᠰᠡᠨ ᠬᠡᠮᠵᠢᠶ᠎ᠡ ᠨᠢ ᠬᠡᠳᠦᠶᠢᠪᠡᠷ ᠲᠤᠰ ᠲᠤᠰ ᠨᠢᠭᠡᠳᠦᠭᠡᠷ ᠂ ᠬᠤᠶᠠᠳᠤᠭᠠᠷ | ᠵᠣᠷᠪᠤᠰ ᠲᠤ ᠲᠣᠭᠲᠠᠭᠠᠭᠰᠠᠨ ᠪᠠᠷᠢᠮᠵᠢᠶ᠎ᠠ ᠳᠤ ᠬᠦᠷᠦᠭᠰᠡᠨ ᠦᠭᠡᠢ ᠂ ᠭᠡᠪᠡᠴᠦ ᠵᠣᠬᠢᠴᠠᠩᠭᠤᠶ ᠬᠠᠷᠢᠴᠠᠯ ᠢᠶᠠᠷ | ᠨᠤᠭᠤᠯᠤᠨ ᠪᠤᠳᠤᠵᠤ ᠬᠤᠯᠪᠤᠭᠳᠠᠯ ᠪᠦᠬᠦᠢ ᠪᠠᠷᠢᠮᠵᠢᠶ᠎ᠠ ᠳᠤ ᠬᠦᠷᠦᠭᠰᠡᠨ ᠪᠠᠶᠢᠪᠠᠯ︔ | ︵ᠳᠥᠷᠪᠡ︶ ᠬᠤᠶᠠᠷ ᠵᠢᠯ ᠤᠨ ᠳᠣᠲᠣᠷ᠎ᠠ ᠲᠠᠷᠢᠶᠠᠯᠠᠩ ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠠᠴᠠ ᠪᠣᠯᠵᠤ ᠬᠤᠶᠠᠷ ᠤᠳᠠᠭ᠎ᠠ ᠠᠴᠠ ᠳᠡᠭᠡᠭᠰᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠬᠦᠷᠲᠡᠭᠰᠡᠨ | ᠪᠦᠭᠡᠳ ᠪᠠᠰᠠ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠂ ᠲᠤᠭ᠎ᠠ ᠬᠡᠮᠵᠢᠶ᠎ᠡ ᠨᠢ | ᠨᠢᠭᠡᠳᠦᠭᠡᠷ ᠠᠴᠠ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠪᠠᠷᠢᠮᠵᠢᠶ᠎ᠠ ᠶᠢᠨ ᠬᠠᠭᠠᠰ ᠠᠴᠠ ᠳᠡᠭᠡᠭᠰᠢ ᠳᠤ | ᠬᠦᠷᠦᠭᠰᠡᠨ ᠪᠠᠶᠢᠪᠠᠯ︔ | ᠬᠤᠶᠠᠷ ᠂ ᠬᠠᠤᠯᠢ ᠪᠤᠰᠤ ᠪᠠᠷ ᠨᠤᠲᠤᠭ ᠪᠡᠯᠴᠢᠭᠡᠷ ᠢ ᠬᠠᠭᠠᠯᠪᠤᠷᠢᠯᠠᠬᠤ ᠶᠢᠨ ᠡᠭᠦᠷᠭᠡᠯᠡᠬᠦ ᠬᠠᠤᠯᠢ ᠴᠠᠭᠠᠵᠠ ᠶᠢᠨ | ᠬᠠᠷᠢᠭᠤᠴᠠᠯᠭ᠎ᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠶᠢᠨ ᠵᠢᠷᠠᠨ | ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠄ ᠨᠤᠲᠤᠭ ᠪᠡᠯᠴᠢᠭᠡᠷ ᠢ ᠬᠠᠤᠯᠢ ᠪᠤᠰᠤ ᠪᠠᠷ | ᠬᠠᠭᠠᠯᠪᠤᠷᠢᠯᠠᠭᠠᠳ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ︔ ᠡᠷᠡᠭᠦᠦ ᠶᠢᠨ ᠰᠢᠢᠳᠬᠡᠯ ᠳᠤ ᠬᠠᠷᠠᠬᠠᠨ ᠬᠦᠷᠬᠦ ᠦᠭᠡᠢ ᠪᠣᠯ᠂ ᠰᠢᠶᠠᠨ ᠤ ᠱᠠᠲᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠣᠷᠳᠤᠨ ᠤ ᠨᠣᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠨᠢ ᠡᠷᠬᠡ ᠳᠤᠰᠢᠶᠠᠯ ᠢᠶᠠᠨ ᠦᠨᠳᠦᠰᠦᠯᠡᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠨᠢ ᠵᠠᠷᠯᠢᠭᠳᠠᠵᠤ ᠪᠠᠶᠢᠭᠠᠳ ᠵᠣᠭᠰᠤᠭᠠᠵᠤ ᠂ ᠤᠷᠭᠤᠮᠠᠯ ᠤᠨ ᠬᠤᠴᠢᠯᠭ᠎ᠠ ᠶᠢ ᠨᠢ ᠬᠤᠭᠤᠴᠠᠭ᠎ᠠ ᠬᠢᠵᠠᠭᠠᠷᠯᠠᠨ | ᠰᠡᠷᠭᠦᠭᠡᠵᠦ ᠂ ᠬᠠᠤᠯᠢ ᠪᠣᠰᠤ ᠡᠳ᠋ ᠪᠣᠳᠠᠰ ᠪᠠ ᠬᠠᠤᠯᠢ ᠠᠴᠠ ᠵᠦᠷᠢᠴᠡᠵᠦ ᠣᠯᠤᠭᠰᠠᠨ ᠣᠯᠵᠠᠪᠤᠷᠢ ᠶᠢ ᠨᠢ | ᠬᠤᠷᠢᠶᠠᠨ ᠠᠪᠬᠤ ᠶᠢᠨ ᠬᠠᠮᠲᠤ ᠬᠠᠤᠯᠢ ᠠᠴᠠ ᠵᠦᠷᠢᠴᠡᠵᠦ ᠣᠯᠤᠭᠰᠠᠨ ᠣᠯᠵᠠᠪᠤᠷᠢ ᠶᠢᠨ ᠬᠢᠨᠢ ᠨᠢᠭᠡ ᠳᠠᠬᠢᠨ ᠠᠴᠠ | ᠳᠡᠭᠡᠭᠰᠢ ᠲᠠᠪᠤᠨ ᠳᠠᠬᠢᠨ ᠠᠴᠠ ᠳᠣᠷᠤᠭᠰᠢ ᠵᠣᠭᠤᠰ ᠢᠶᠠᠷ ᠲᠣᠷᠭᠠᠨ᠎ᠠ︔ ᠬᠠᠤᠯᠢ ᠠᠴᠠ ᠵᠦᠷᠢᠴᠡᠵᠦ ᠤᠯᠤᠭᠰᠠᠨ | ᠣᠯᠵᠠᠪᠤᠷᠢ ᠦᠭᠡᠢ ᠪᠣᠯ ᠂ ᠲᠠᠪᠤᠨ ᠲᠦᠮᠡᠨ ᠲᠦᠭᠦᠷᠢᠭ ᠠᠴᠠ ᠳᠣᠷᠤᠭᠰᠢ ᠵᠣᠭᠤᠰ ᠢᠶᠠᠷ ᠲᠣᠷᠭᠠᠨ᠎ᠠ︔ ᠨᠤᠲᠤᠭ | ᠪᠡᠯᠴᠢᠭᠡᠷ ᠤᠨ ᠥᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠣᠯ ᠲᠥᠯᠥᠬᠦ | ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠭᠦᠯᠦᠨ᠎ᠡ᠃ ᠡᠭᠦᠨ ᠳᠤ ᠨᠤᠲᠤᠭ ᠪᠡᠯᠴᠢᠭᠡᠷ ᠢ ᠬᠠᠤᠯᠢ ᠪᠤᠰᠤ ᠪᠠᠷ | ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ ᠬᠡᠷᠡᠭᠴᠡᠭᠡ ᠶᠢ ᠬᠤᠪᠢᠷᠠᠭᠤᠯᠤᠨ᠂ ᠲᠤᠭ᠎ᠠ | ᠬᠡᠮᠵᠢᠶ᠎ᠡ ᠨᠢ ᠬᠤᠷᠢᠨ ᠮᠦ ᠠᠴᠠ ᠳᠡᠭᠡᠭᠰᠢ ᠪᠣᠯᠣᠭᠰᠠᠨ ᠪᠤᠶᠤ ᠡᠰᠡᠬᠦᠯ᠎ᠡ ᠨᠤᠲᠤᠭ ᠪᠡᠯᠴᠢᠭᠡᠷ ᠢ ᠬᠠᠤᠯᠢ ᠪᠤᠰᠤ ᠪᠠᠷ | ᠡᠵᠡᠯᠡᠨ ᠬᠡᠷᠡᠭᠯᠡᠭᠰᠡᠨ ᠠᠴᠠ ᠪᠣᠯᠵᠤ ᠵᠠᠰᠠᠭ ᠵᠠᠬᠢᠷᠭᠠᠨ ᠤ ᠰᠢᠢᠳᠭᠡᠯ ᠣᠯᠣᠭᠠᠳ ᠭᠤᠷᠪᠠᠨ ᠵᠢᠯ ᠤᠨ ᠳᠣᠲᠣᠷ᠎ᠠ ᠪᠠᠰᠠ | ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ᠂ ᠡᠵᠡᠯᠡᠨ ᠬᠡᠷᠡᠭᠯᠡᠭᠳᠡᠭᠰᠡᠨ ᠨᠤᠲᠤᠭ ᠪᠡᠯᠴᠢᠭᠡᠷ ᠤᠨ | ᠬᠡᠷᠡᠭᠴᠡᠭᠡ ᠶᠢ ᠬᠤᠪᠢᠷᠠᠭᠤᠯᠤᠨ᠂ ᠲᠤᠭ᠎ᠠ ᠬᠡᠮᠵᠢᠶ᠎ᠡ ᠨᠢ ᠠᠷᠪᠠᠨ ᠮᠦ ᠠᠴᠠ ᠳᠡᠭᠡᠭᠰᠢ ᠪᠠᠶᠢᠪᠠᠯ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ 342 ᠳ᠋ᠤᠭᠠᠷ ᠵᠦᠢᠯ ᠵᠢᠴᠢ ︽ᠨᠤᠲᠤᠭ | ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠷᠡᠭᠦᠦ ᠶᠢᠨ ᠬᠡᠷᠡᠭ ᠢ ᠰᠢᠭᠦᠨ ᠰᠢᠢᠳᠪᠦᠷᠢᠯᠡᠬᠦ ᠲᠤᠬᠠᠢ ᠠᠷᠠᠳ ᠤᠨ | ᠳᠡᠭᠡᠳᠦ ᠰᠢᠭᠦᠬᠦ ᠬᠤᠷᠢᠶᠠᠨ ᠤ ᠠᠰᠠᠭᠤᠳᠠᠯ ᠤᠳ ᠤᠨ ᠲᠤᠬᠠᠢ ᠲᠠᠶᠢᠯᠪᠤᠷᠢ︾ ︵ᠬᠠᠤᠯᠢ ᠲᠠᠶᠢᠯᠪᠤᠷᠢ ︵2012︶ | 15 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠲᠠᠷᠢᠶᠠᠯᠠᠩ ᠳᠤ ᠬᠡᠷᠡᠭᠯᠡᠬᠦ | ᠭᠠᠵᠠᠷ ᠢ ᠬᠠᠤᠯᠢ ᠪᠣᠰᠤ ᠪᠠᠷ ᠡᠵᠡᠯᠡᠨ ᠬᠡᠷᠡᠭᠯᠡᠭᠰᠡᠨ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ ᠃ | ᠭᠤᠷᠪᠠ᠂ ᠨᠤᠭᠤ ᠭᠠᠵᠠᠷ ᠢ ᠬᠠᠤᠯᠢ ᠪᠤᠰᠤ ᠪᠠᠷ ᠬᠠᠭᠠᠯᠪᠤᠷᠢᠯᠠᠬᠤ ᠶᠢᠨ ᠡᠭᠦᠷᠭᠡᠯᠡᠪᠡᠰᠦ ᠵᠣᠬᠢᠬᠤ ᠬᠠᠤᠯᠢ | ᠴᠠᠭᠠᠵᠠ ᠶᠢᠨ ᠬᠠᠷᠢᠭᠤᠴᠠᠯᠭ᠎ᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢᠨ | ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ | ᠪᠠᠶᠢᠭᠠᠯᠢᠭ ᠨᠤᠭᠤ ᠭᠠᠵᠠᠷ ᠢ ︵ᠬᠦᠷᠢᠶᠡᠯᠡᠬᠦ︶ ᠬᠠᠭᠠᠯᠪᠤᠷᠢᠯᠠᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠨᠤᠭᠤ | ᠭᠠᠵᠠᠷ ᠢ ᠵᠠᠰᠠᠨ ᠰᠡᠷᠭᠦᠭᠡᠬᠦ ᠪᠤᠶᠤ ᠪᠤᠰᠤᠳ ᠨᠦᠬᠦᠪᠦᠷᠢᠯᠡᠵᠦ ᠵᠠᠰᠠᠬᠤ ᠠᠷᠭ᠎ᠠ ᠬᠡᠮᠵᠢᠶ᠎ᠡ ᠠᠪᠴᠤ᠂ ᠬᠠᠤᠯᠢ ᠪᠤᠰᠤ | ᠣᠯᠵᠠᠪᠤᠷᠢ ᠶᠢ ᠬᠤᠷᠢᠶᠠᠨ ᠠᠪᠬᠤ ᠶᠢᠨ ᠬᠠᠮᠲᠤ᠂ ᠨᠤᠭᠤ ᠭᠠᠵᠠᠷ ᠢ ᠡᠪᠳᠡᠭᠰᠡᠨ ᠲᠡᠭᠰᠢ ᠳᠥᠷᠪᠡᠯᠵᠢᠨ ᠮᠧᠲᠷ | ᠪᠦᠷᠢ ᠳᠤ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠲᠠᠪᠤᠨ ᠮᠢᠩᠭᠠᠨ ᠲᠥᠭᠦᠷᠢᠭ ᠠᠴᠠ ᠳᠣᠷᠤᠭᠰᠢ ᠵᠣᠭᠤᠰ ᠢᠶᠠᠷ | ᠲᠣᠷᠭᠠᠨ᠎ᠠ︔ ᠤᠯᠤᠰ ᠤᠨ ᠴᠢᠬᠤᠯᠠ ᠨᠤᠭᠤ ᠭᠠᠵᠠᠷ ᠢ ᠡᠪᠳᠡᠭᠰᠡᠨ ᠪᠠᠶᠢᠪᠠᠯ᠂ ᠲᠡᠭᠰᠢ ᠳᠥᠷᠪᠡᠯᠵᠢᠨ ᠮᠧᠲᠷ | ᠪᠦᠷᠢ ᠳᠤ ᠮᠢᠩᠭᠠᠨ ᠲᠥᠭᠦᠷᠢᠭ ᠠᠴᠠ ᠳᠡᠭᠡᠭᠰᠢ ᠨᠢᠭᠡ ᠲᠦᠮᠡᠨ ᠲᠥᠭᠦᠷᠢᠭ ᠠᠴᠠ ᠳᠣᠷᠤᠭᠰᠢ ᠵᠣᠭᠤᠰ ᠢᠶᠠᠷ | ᠲᠣᠷᠭᠠᠨ᠎ᠠ᠃ | ᠳᠥᠷᠪᠡ᠂ ᠣᠶ ᠮᠣᠳᠣ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠪᠦᠬᠦ ᠲᠠᠯ᠎ᠠ ᠪᠠᠷ ᠴᠠᠭᠠᠵᠠᠯᠠᠬᠤ | ᠬᠡᠷᠡᠭᠲᠡᠶ | ᠡᠩ ᠲᠡᠷᠢᠭᠦᠨ ᠳᠤ᠂ 2025 ᠣᠨ ᠠᠴᠠ ᠡᠬᠢᠯᠡᠨ᠂ ᠪᠣᠶ ᠪᠥᠬᠦᠶ ᠣᠶᠢᠲᠤ ᠭᠠᠵᠠᠷ ᠲᠤ ᠣᠶ ᠮᠣᠳᠣ ᠪᠠ ᠠᠮᠤ | ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠨ᠎ᠠ᠂ ᠬᠡᠷᠪᠡ ᠵᠦᠷᠢᠴᠡᠪᠡᠯ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ︔ ᠳᠠᠷᠠᠭ᠎ᠠ ᠨᠢ ᠡᠯ᠎ᠡ ᠰᠢᠶᠠᠩ ᠪᠠᠯᠭᠠᠰᠤ ᠰᠤᠮᠤ ᠶᠢᠨ ᠠᠷᠠᠳ ᠤᠨ ᠵᠠᠰᠠᠭ ᠤᠨ ᠣᠷᠳᠣᠨ ᠨᠢ | ᠬᠠᠷᠢᠶ᠎ᠠ ᠣᠷᠣᠨ ᠤ ᠳᠣᠲᠣᠷᠠᠬᠢ ᠪᠣᠶ ᠪᠥᠬᠦᠶ ᠣᠶ ᠮᠣᠳᠤ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠬᠤ | ᠠᠮᠠᠯᠠᠯᠲᠠ ᠶᠢᠨ ᠪᠢᠴᠢᠭ ᠲᠣᠭᠲᠠᠵᠤ᠂ ᠥᠪᠡᠷ ᠤᠨ ᠣᠶᠢᠲᠤ ᠭᠠᠵᠠᠷ ᠪᠤᠶᠤ ᠪᠤᠰᠤᠳ ᠬᠥᠮᠦᠨ ᠤ ᠭᠠᠵᠠᠷ ᠰᠢᠷᠣᠶ ᠶᠢ | ᠳᠠᠭᠠᠭᠠᠴᠢᠯᠠᠬᠤ ᠳᠤ ᠪᠠᠨ᠂ ᠲᠣᠰᠬᠤᠨ ᠤ ᠠᠷᠠᠳ ᠤᠨ ᠵᠥᠪᠯᠡᠯ᠂ ᠪᠠᠯᠭᠠᠰᠤᠨ ᠤ ᠵᠠᠰᠠᠭ ᠤᠨ ᠣᠷᠳᠣᠨ ᠤ | ᠭᠠᠷᠭᠠᠭᠰᠠᠨ ᠬᠠᠮᠢᠶ᠎ᠠ ᠪᠥᠬᠦᠶ ᠭᠡᠷᠡᠴᠢᠯᠡᠬᠦ ᠪᠢᠴᠢᠭ ᠮᠠᠲ᠋ᠧᠷᠢᠶᠠᠯ ᠪᠤᠶᠤ ᠭᠠᠵᠠᠷ ᠰᠢᠷᠣᠶ ᠶᠢᠨ ᠳᠠᠭᠠᠭᠠᠴᠢᠯᠠᠨ ᠡᠵᠡᠩᠨᠡᠬᠦ | ᠡᠷᠬᠡ ᠶᠢᠨ ᠦᠨᠡᠮᠯᠡᠯ ᠢ ᠪᠠᠶᠢᠴᠠᠭᠠᠨ ᠦᠵᠡᠵᠦ᠂ ᠭᠠᠵᠠᠷ ᠰᠢᠷᠣᠶ ᠶᠢᠨ ᠲᠥᠷᠥᠯ ᠬᠡᠯᠪᠡᠷᠢ ᠶᠢ ᠬᠠᠭᠠᠯᠪᠤᠷᠢᠯᠠᠵᠤ ᠪᠣᠯᠬᠤ | ᠡᠰᠡᠬᠦ ᠶᠢ ᠲᠣᠭᠲᠠᠭᠠᠨ᠎ᠠ᠃ ᠬᠡᠷᠪᠡ ᠭᠠᠵᠠᠷ ᠰᠢᠷᠣᠶ ᠶᠢᠨ ᠥᠮᠴᠢᠯᠡᠭᠴᠢ ᠨᠢ ᠬᠠᠮᠢᠶ᠎ᠠ ᠪᠦᠬᠦᠢ ᠭᠡᠷᠡᠴᠢᠯᠡᠬᠦ ᠪᠢᠴᠢᠭ | ᠮᠠᠲ᠋ᠧᠷᠢᠶᠠᠯ ᠬᠠᠩᠭᠠᠵᠤ ᠳᠡᠶᠢᠯᠬᠦ ᠦᠭᠡᠶ ᠪᠤᠶᠤ ᠭᠠᠵᠠᠷ ᠰᠢᠷᠣᠶ ᠶᠢᠨ ᠲᠥᠷᠥᠯ ᠬᠡᠯᠪᠡᠷᠢ ᠨᠢ ᠬᠠᠭᠠᠯᠪᠤᠷᠢᠯᠠᠵᠤ ᠪᠣᠯᠬᠤ | ᠭᠠᠵᠠᠷ ᠰᠢᠷᠣᠶ ᠶᠢ ᠭᠡᠷᠡᠴᠢᠯᠡᠵᠦ ᠳᠡᠶᠢᠯᠬᠦ ᠦᠭᠡᠶ ᠪᠣᠯ ᠭᠠᠵᠠᠷ ᠤᠨ ᠭᠠᠳᠠᠷᠭᠤ ᠶᠢᠨ ᠤᠷᠭᠤᠮᠠᠯ ᠤᠨ ᠪᠦᠷᠬᠦᠴᠡ ᠶᠢ | ᠳᠤᠷ᠎ᠠ ᠪᠠᠷ ᠢᠶᠠᠨ ᠬᠠᠭᠠᠯᠪᠤᠷᠢᠯᠠᠵᠤ᠂ ᠡᠪᠳᠡᠵᠦ ᠪᠣᠯᠬᠤ ᠦᠭᠡᠶ᠃ ᠬᠡᠷᠪᠡ ᠣᠶᠢᠲᠤ ᠭᠠᠵᠠᠷ᠂ ᠨᠤᠲᠤᠭ ᠪᠡᠯᠴᠢᠭᠡᠷ ᠤᠨ | ᠭᠠᠵᠠᠷ ᠭᠡᠳᠡᠭ ᠢ ᠮᠡᠳᠡᠵᠦ ᠪᠠᠶᠢᠭᠠᠳ ᠪᠤᠶᠤ ᠬᠠᠮᠢᠶ᠎ᠠ ᠪᠦᠬᠦᠢ ᠭᠡᠷᠡᠴᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ | ᠦᠭᠡᠢ ᠪᠠᠷ ᠦᠷᠭᠦᠯᠵᠢᠯᠡᠨ ᠭᠠᠵᠠᠷ ᠰᠢᠷᠣᠢ ᠶᠢ ᠳᠠᠭᠠᠭᠠᠴᠢᠯᠠᠨ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠤᠯᠢ | ᠪᠤᠰᠤ ᠪᠠᠷ ᠬᠠᠭᠠᠯᠪᠤᠷᠢᠯᠠᠵᠤ᠂ ᠡᠷᠡᠭᠦᠦ ᠶᠢᠨ ᠬᠡᠷᠡᠭ ᠪᠣᠯᠭᠠᠨ ᠳᠠᠩᠰᠠᠯᠠᠬᠤ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ | ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠳᠠᠬᠢᠪᠠᠯ᠂ ᠥᠷᠭᠡᠨ ᠣᠯᠠᠨ ᠲᠠᠷᠢᠶᠠᠯᠠᠩ ᠤᠨ ᠮᠠᠰᠢᠨ ᠪᠠᠭᠠᠵᠢ ᠶᠢᠨ ᠥᠮᠴᠢᠯᠡᠭᠴᠢ ᠶᠢᠨ ᠬᠠᠤᠯᠢ | ᠴᠠᠭᠠᠵᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠭᠠᠵᠠᠷ ᠰᠢᠷᠣᠶ ᠶᠢ ᠬᠠᠭᠠᠯᠪᠤᠷᠢᠯᠠᠬᠤ ᠳᠤ᠂ ᠲᠣᠰ | ᠭᠠᠵᠠᠷ ᠤᠨ ᠭᠠᠵᠠᠷ ᠰᠢᠷᠣᠶ ᠶᠢᠨ ᠰᠢᠨᠵᠢ ᠴᠢᠨᠠᠷ ᠢ ᠲᠣᠭᠲᠠᠭᠠᠵᠤ᠂ ᠭᠠᠵᠠᠷ ᠰᠢᠷᠣᠶ ᠶᠢᠨ ᠰᠢᠨᠵᠢ ᠴᠢᠨᠠᠷ ᠢ ᠭᠡᠷᠡᠴᠢᠯᠡᠬᠦ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ︵ᠳᠠᠷᠤᠶ ᠭᠠᠵᠠᠷ ᠰᠢᠷᠣᠶ ᠶᠢ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ᠂ | ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠪᠢᠴᠢᠭ | ᠮᠠᠲ᠋ᠧᠷᠢᠶᠠᠯ᠂ ᠭᠡᠷᠡᠴᠢ ᠵᠡᠷᠭᠡ︶ ᠢ ᠪᠠᠶᠢᠴᠠᠭᠠᠨ ᠦᠵᠡᠬᠦ ᠬᠡᠷᠡᠭᠲᠡᠶ᠃ ᠬᠡᠷᠪᠡ ᠬᠥᠯᠥᠰᠥᠯᠡᠭᠴᠢ ᠨᠢ ᠳᠡᠭᠡᠷ᠎ᠡ | ᠳᠤᠷᠠᠳᠤᠭᠰᠠᠨ ᠭᠡᠷᠡᠴᠢ ᠶᠢᠨ ᠪᠢᠴᠢᠭ ᠮᠠᠲ᠋ᠧᠷᠢᠶᠠᠯ ᠢ ᠬᠠᠩᠭᠠᠵᠤ ᠳᠡᠶᠢᠯᠬᠦ ᠦᠭᠡᠶ ᠪᠤᠶᠤ ᠭᠠᠵᠠᠷ ᠰᠢᠷᠣᠶ ᠶᠢᠨ ᠲᠥᠷᠥᠯ | ᠬᠡᠯᠪᠡᠷᠢ ᠨᠢ ᠬᠠᠭᠠᠯᠪᠤᠷᠢᠯᠠᠵᠤ ᠪᠣᠯᠬᠤ ᠭᠠᠵᠠᠷ ᠰᠢᠷᠣᠶ ᠶᠢ ᠭᠡᠷᠡᠴᠢᠯᠡᠵᠦ ᠳᠡᠶᠢᠯᠬᠦ ᠦᠭᠡᠶ ᠪᠣᠯ ᠳᠤᠷ᠎ᠠ ᠪᠠᠷ ᠢᠶᠠᠨ | ᠬᠠᠭᠠᠯᠪᠤᠷᠢᠯᠠᠵᠤ ᠪᠣᠯᠬᠤ ᠦᠭᠡᠶ᠃ ᠬᠡᠷᠪᠡ ᠤᠶᠢᠳᠤ ᠭᠠᠵᠠᠷ᠂ ᠨᠤᠳᠤᠭ ᠪᠡᠯᠴᠢᠭᠡᠷ ᠤᠨ ᠭᠠᠵᠠᠷ ᠢ ᠮᠡᠳᠡᠵᠦ ᠪᠠᠶᠢᠭᠠᠳ | ᠪᠤᠶᠤ ᠬᠠᠮᠢᠶ᠎ᠠ ᠪᠦᠬᠦᠢ ᠭᠡᠷᠡᠴᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ ᠦᠭᠡᠢ ᠪᠠᠷ ᠦᠷᠬᠦᠯᠵᠢᠯᠡᠨ ᠬᠦᠮᠦᠨ ᠳᠤ | ᠬᠦᠯᠦᠰᠦᠯᠡᠭᠳᠡᠨ ᠭᠠᠵᠠᠷ ᠰᠢᠷᠤᠢ ᠶᠢ ᠬᠠᠤᠯᠢ ᠪᠤᠰᠤ ᠪᠠᠷ ᠬᠠᠭᠠᠯᠪᠤᠷᠢᠯᠠᠵᠤ᠂ ᠡᠷᠡᠭᠦᠤ ᠶᠢᠨ ᠭᠡᠷᠡᠭ ᠪᠤᠯᠭᠠᠬᠤ | ᠪᠠᠷᠢᠮᠵᠢᠶ᠎ᠠ ᠳᠤ ᠭᠦᠷᠦᠭᠰᠡᠨ ᠪᠠᠶᠢᠪᠠᠯ᠂ ᠬᠠᠮᠳᠤ ᠪᠠᠷ ᠶᠠᠯ᠎ᠠ ᠬᠢᠭᠰᠡᠨ ᠢᠶᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ ᠃ | ᠲᠠᠪᠤ᠂ ᠰᠢᠨᠡᠳᠬᠡᠵᠦ ᠣᠶᠢᠵᠢᠭᠤᠯᠬᠤ ᠠᠴᠠ ᠡᠮᠦᠨ᠎ᠡ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ | ᠬᠡᠰᠡᠭ ᠭᠠᠵᠠᠷ ᠣᠷᠣᠨ ᠳᠤ ᠲᠤᠬᠠᠶ ᠶᠢᠨ ᠵᠢᠯ ᠣᠭᠲᠣᠯᠬᠤ᠂ ᠳᠠᠷᠠᠭ᠎ᠠ ᠵᠢᠯ ᠣᠶᠢᠵᠢᠭᠤᠯᠬᠤ᠂ ᠰᠢᠨᠡᠳᠬᠡᠵᠦ | ᠣᠶᠢᠵᠢᠭᠤᠯᠬᠤ ᠠᠴᠠ ᠡᠮᠦᠨ᠎ᠡ ᠨᠢᠭᠡ ᠤᠳᠠᠭᠠᠨ ᠤ ᠲᠠᠷᠢᠮᠠᠯ ᠲᠠᠷᠢᠭᠰᠠᠨ ᠪᠠᠶᠢᠳᠠᠯ ᠢ ᠦᠨᠳᠦᠰᠦᠯᠡᠨ᠂ ᠣᠶᠢᠲᠤ | ᠭᠠᠵᠠᠷ ᠤᠨ ᠬᠡᠷᠡᠭᠯᠡᠯᠲᠡ ᠶᠢ ᠬᠤᠪᠢᠷᠠᠭᠤᠯᠵᠤ᠂ ︽ᠭᠤᠷᠪᠠᠨ ᠪᠠᠶᠢᠴᠠᠭᠠᠯᠲᠠ︾ ᠪᠠ ᠤᠯᠤᠰ ᠤᠨ ᠨᠤᠲᠤᠭ | ᠳᠡᠪᠢᠰᠬᠡᠷ ᠤᠨ ᠣᠨ ᠤ ᠬᠤᠪᠢᠷᠠᠯᠲᠠ ᠶᠢᠨ ᠪᠠᠶᠢᠴᠠᠭᠠᠯᠲᠠ ᠳᠤᠮᠳᠠ᠂ ᠮᠣᠳᠣ ᠶᠢ ᠣᠭᠲᠤᠯᠵᠤ ᠲᠠᠷᠢᠶᠠᠨ ᠭᠠᠵᠠᠷ | ᠪᠣᠯᠭᠠᠪᠠᠯ᠂ ᠣᠶᠢᠲᠤ ᠭᠠᠵᠠᠷ ᠤᠨ ᠲᠠᠯᠠᠪᠠᠶ ᠶᠢ ᠪᠠᠭᠠᠰᠬᠤ ᠪᠣᠯᠤᠨ᠎ᠠ᠃ ᠡᠶᠢᠮᠦᠷᠬᠦᠦ ᠠᠰᠠᠭᠤᠳᠠᠯ ᠳᠠᠬᠢᠨᠲᠠ | ᠡᠭᠦᠰᠬᠦ ᠶᠢ ᠵᠣᠭᠰᠣᠭᠠᠵᠤ᠂ ᠲᠤᠰ ᠡᠳᠦᠷ ᠠᠴᠠ ᠡᠬᠢᠯᠡᠨ ᠮᠣᠳᠣ ᠣᠭᠲᠣᠯᠵᠤ ᠰᠢᠨᠡᠳᠬᠡᠵᠦ ᠣᠶᠢᠵᠢᠭᠤᠯᠬᠤ ᠠᠴᠠ | ᠡᠮᠦᠨ᠎ᠡ ᠶᠠᠮᠠᠷᠪᠠ ᠲᠠᠷᠢᠮᠠᠯ ᠲᠠᠷᠢᠬᠤ ᠶᠢ ᠪᠦᠬᠦ ᠲᠠᠯ᠎ᠠ ᠪᠠᠷ ᠴᠠᠭᠠᠵᠠᠯᠠᠵᠤ᠂ ᠣᠭᠲᠣᠯᠵᠤ ᠠᠪᠤᠭᠰᠠᠨ ᠤ ᠳᠠᠷᠠᠭᠠᠬᠢ | ᠠᠩᠬᠠᠳᠠᠭᠴᠢ ᠣᠶᠢᠵᠢᠭᠤᠯᠬᠤ ᠤᠯᠠᠷᠢᠯ ᠳᠠᠭᠠᠨ ᠡᠷᠬᠡᠪᠰᠢ ᠴᠠᠭ ᠲᠤᠬᠠᠢ ᠳᠤᠨᠢ ᠰᠢᠨᠡᠳᠬᠡᠨ ᠣᠶᠢᠵᠢᠭᠤᠯᠵᠤ᠂ | ᠣᠶᠢᠲᠤ ᠭᠠᠵᠠᠷ ᠤᠨ ᠪᠠᠭᠠᠰᠬᠠᠬᠤ ᠠᠴᠠ ᠵᠠᠶᠢᠯᠠᠰᠬᠢᠬᠤ ᠬᠡᠷᠡᠭᠲᠡᠢ᠃ ᠳᠣᠭᠲᠠᠭᠠᠯ ᠠᠴᠠ ᠵᠦᠷᠢᠴᠡᠪᠡᠯ ᠂ ᠣᠶ | ᠰᠢᠭᠤᠶ ᠶᠢ ᠡᠪᠳᠡᠵᠦ ᠠᠲᠠᠷ ᠬᠠᠭᠠᠯᠪᠤᠷᠢᠯᠠᠭᠰᠠᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠭᠦᠢᠴᠡᠳᠭᠡᠬᠦ ᠶᠢ ᠲᠡᠪᠴᠢᠨ᠂ ᠬᠠᠤᠯᠢ ᠲᠣᠭᠲᠠᠭᠠᠯ ᠠᠴᠠ | ᠵᠦᠷᠢᠴᠡᠭᠰᠡᠨ ᠠᠵᠢᠯᠯᠠᠭ᠎ᠠ ᠶᠢ ᠦᠷᠭᠦᠯᠵᠢᠯᠡᠨ ᠬᠢᠭᠰᠡᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ | ᠶᠣᠰᠣᠭᠠᠷ ᠬᠦᠨᠳᠦ ᠪᠠᠷ ᠰᠢᠢᠳᠭᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | ᠠᠤᠬᠠᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | 2024 ᠣᠨ ᠤ 11 ᠰᠠᠷ᠎ᠠ ᠶᠢᠨ 25 ᠤ ᠡᠳᠦᠷ |