| ᠤᠷᠤᠢ ᠶᠢᠨ ᠰᠦᠮ᠎ᠡ ᠰᠣᠮᠣ ᠤᠨᠤᠯ ᠢ ᠤᠬᠠᠭᠤᠯᠤᠨ ᠲᠠᠶᠢᠯᠪᠤᠷᠢᠯᠠᠬᠤ ᠪᠠ ᠦᠢᠯᠡᠳᠦᠯᠭᠡ ᠶᠢᠨ ᠠᠷᠭ᠎ᠠ | ᠬᠡᠮᠵᠢᠶ᠎ᠡ ᠶᠢ ᠤᠶᠠᠯᠳᠤᠭᠤᠯᠬᠤ ᠠᠷᠭ᠎ᠠ ᠪᠠᠷ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ | ᠬᠠᠮᠲᠤᠷᠠᠯᠴᠠᠭ᠎ᠠ ᠳᠤ ᠲᠦᠰᠢᠭᠯᠡᠨ ᠠᠯᠠᠰᠢᠨ ᠦᠬᠡᠷ᠂ ᠠᠯᠠᠰᠢᠨ ᠬᠤᠨᠢᠨ ᠤ ᠡᠭᠦᠯᠳᠡᠷ ᠢ ᠰᠠᠶᠢᠵᠢᠷᠠᠭᠤᠯᠵᠤ᠂ ᠲᠤᠰᠬᠠᠢ | ᠰᠡᠳᠦᠪᠲᠦ ᠬᠤᠷᠠᠯ ᠬᠤᠷᠠᠯᠳᠤᠭᠤᠯᠤᠨ᠂ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ | ᠬᠠᠮᠲᠤᠷᠠᠯᠴᠠᠭ᠎ᠠ ᠬᠢᠵᠦ ᠮᠠᠯᠵᠢᠬᠤ ᠣᠷᠣᠨ ᠤ ᠭᠤᠣᠯᠯᠠᠭᠴᠢ ᠠᠵᠤ ᠦᠢᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠪᠡ᠃ | ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠰᠤᠮᠤ ︽ᠭᠤᠷᠪᠠ ᠶᠢ ᠨᠢᠭᠡ ᠴᠤᠭᠴᠠᠵᠢᠭᠤᠯᠬᠤ︾ | ᠲᠠᠪᠴᠠᠩ ᠤᠨ ᠭᠤᠤᠯ ᠠᠭᠤᠯᠤᠭᠳᠠᠬᠤᠨ ᠪᠠ ᠴᠢᠳᠠᠮᠵᠢ ᠶᠢᠨ ᠲᠣᠭᠤᠷᠢᠨ ᠳᠤ᠂ ᠲᠡᠭᠦᠨ ᠤ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ᠂ ᠮᠠᠯᠴᠢᠨ ᠲᠠᠷᠢᠶᠠᠴᠢᠨ ᠤ ᠠᠷᠠᠴᠢᠯᠠᠨ ᠲᠡᠵᠢᠭᠡᠬᠦ ᠥᠪᠡᠷ ᠤᠨ ᠥᠷᠲᠡᠭ ᠢ ᠪᠠᠭᠤᠷᠠᠭᠤᠯᠬᠤ᠂ | ᠰᠠᠶᠢᠵᠢᠷᠠᠭᠤᠯᠬᠤ ᠠᠷᠭ᠎ᠠ ᠵᠠᠮ ᠢ ᠥᠷᠭᠡᠳᠬᠡᠬᠦ ᠵᠡᠷᠭᠡ ᠲᠠᠯ᠎ᠠ ᠶᠢᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠪᠠ᠃ | ᠮᠠᠯᠴᠢᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠭᠤᠷᠪᠠ ᠶᠢ ᠨᠢᠭᠡ ᠴᠤᠭᠴᠠᠵᠢᠭᠤᠯᠬᠤ︾ ᠵᠠᠭᠪᠤᠷ ᠢ | ᠭᠦᠢᠴᠡᠳ ᠲᠠᠨᠢᠭᠤᠯᠵᠤ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ | ᠬᠠᠩᠭᠠᠪᠠ᠃ | ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠦᠢᠯᠡᠰ ᠣᠯᠭᠤᠵᠤ᠂ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠤᠨ᠎ᠠ᠃ ᠮᠠᠯᠴᠢᠳ ᠤᠨ ᠠᠩᠬᠠᠷᠴᠤ ᠪᠠᠶᠢᠭ᠎ᠠ ᠠᠯᠠᠰᠢᠨ ᠦᠬᠡᠷ᠂ ᠠᠯᠠᠰᠢᠨ ᠬᠤᠨᠢᠨ ᠤ | ᠡᠭᠦᠯᠳᠡᠷ ᠢ ᠰᠠᠶᠢᠵᠢᠷᠠᠭᠤᠯᠬᠤ ᠠᠰᠠᠭᠤᠳᠠᠯ ᠳᠤ ᠴᠢᠭᠯᠡᠭᠦᠯᠦᠨ᠂ ᠰᠤᠮᠤ ᠶᠢᠨ ᠬᠢᠨ ︽ᠭᠤᠷᠪᠠ ᠶᠢ ᠨᠢᠭᠡ | ᠴᠤᠭᠴᠠᠵᠢᠭᠤᠯᠬᠤ︾ ᠲᠠᠪᠴᠠᠩ ᠳᠤ ᠲᠦᠰᠢᠭᠯᠡᠨ᠂ ᠮᠠᠯ ᠠᠵᠤ ᠠᠬᠤᠶ ᠶᠢᠨ ᠮᠡᠷᠭᠡᠵᠢᠯ ᠤᠨ ᠦᠢᠯᠡᠴᠢᠯᠡᠭᠡᠨ ᠤ | ᠭᠤᠷᠪᠠᠨ ᠲᠠᠯ᠎ᠠ ᠶᠢᠨ ᠺᠣᠮᠫᠠᠨᠢ ᠲᠠᠢ ᠬᠠᠮᠲᠤᠷᠠᠨ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠣᠯᠪᠠᠰᠤᠷᠠᠯ | ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠦᠢᠯᠡᠴᠢᠯᠡᠭᠡ ᠵᠡᠷᠭᠡ ᠰᠢᠷᠢᠰ ᠠᠷᠭ᠎ᠠ ᠬᠡᠮᠵᠢᠶ᠎ᠡ ᠶᠢ ᠥᠷᠨᠢᠭᠦᠯᠵᠦ᠂ | ᠮᠠᠯᠴᠢᠳ ᠢ ᠬᠠᠪᠰᠤᠷᠤᠨ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠪᠡ᠃ ᠡᠭᠦᠨ ᠤ ᠬᠠᠮᠲᠤ᠂ | ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠳ ᠤᠨ ᠲᠡᠵᠢᠭᠡᠨ ᠦᠷᠡᠵᠢᠭᠦᠯᠬᠦ | ᠥᠪᠡᠷ ᠤᠨ ᠥᠷᠲᠡᠭ ᠢ ᠪᠠᠭᠤᠷᠠᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ | ᠠᠷᠠᠳ ᠤᠨ ᠠᠮᠢᠳᠤᠷᠠᠯ ᠤᠨ ᠠᠰᠢᠭ ᠲᠤᠰᠠ ᠪᠣᠯᠭᠠᠨ ᠬᠤᠪᠢᠷᠠᠭᠤᠯᠪᠠ᠃ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ | ᠪᠠᠶᠢᠳᠠᠯ ᠢ ᠬᠠᠮᠲᠤ ᠪᠠᠷ ᠵᠢᠷᠤᠭᠯᠠᠨ᠎ᠠ᠃ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ | ᠥᠭᠡᠷᠡᠴᠢᠯᠡᠯᠲᠡ ᠤᠷᠤᠢ ᠶᠢᠨ ᠰᠦᠮ᠎ᠡ ᠰᠤᠮᠤᠨ ᠳᠤ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠮᠠᠯᠴᠢᠨ | ᠲᠠᠷᠢᠶᠠᠴᠢᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠤᠬᠠᠶ ᠣᠶᠢᠯᠠᠭᠠᠯᠲᠠ ᠪᠠ ᠣᠷᠣᠯᠴᠠᠬᠤ ᠬᠠᠯᠠᠭᠤᠨ | ᠰᠡᠳᠬᠢᠯᠭᠡ ᠢᠯᠡᠳᠲᠡ ᠴᠢᠩᠭᠠᠷᠠᠪᠠ᠃ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠬᠤᠶᠢᠨ᠎ᠠ ᠬᠤᠶᠢᠨ᠎ᠠ ᠠᠴᠠ ᠪᠠᠨ | ᠬᠠᠮᠲᠤᠷᠠᠯᠴᠠᠭᠠᠨ ᠤ ᠰᠢᠰᠲ᠋ᠧᠮ ᠳᠤ ᠠᠭᠤᠰᠤᠯᠴᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠪᠡ᠃ | ᠤᠷᠤᠢ ᠶᠢᠨ ᠰᠦᠮ᠎ᠡ ᠰᠤᠮᠤ ︽ᠭᠤᠷᠪᠠ ᠶᠢ ᠨᠢᠭᠡ ᠴᠤᠬᠴᠠᠵᠢᠭᠤᠯᠬᠤ︾ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠵᠤ᠂ ᠮᠠᠯᠵᠢᠬᠤ ᠣᠷᠣᠨ ᠤ ᠠᠵᠤ ᠦᠢᠯᠡᠰ ᠢ ᠨᠡᠩ ᠬᠥᠭᠵᠢᠭᠦᠯᠦᠨ | ᠮᠠᠨᠳᠤᠭᠤᠯᠵᠤ᠂ ᠮᠠᠯᠴᠢᠳ ᠤᠨ ᠠᠮᠢᠳᠤᠷᠠᠯ ᠢ ᠨᠡᠩ ᠪᠠᠶᠠᠨ ᠴᠢᠨᠡᠭᠡᠯᠢᠭ ᠪᠣᠯᠭᠠᠨ᠎ᠠ᠃ |