ᠮᠣᠳᠤᠨ ᠠᠶᠢᠯ ᠰᠢᠶᠠᠩ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2025/4/16
    ᠬᠠᠪᠤᠷ ᠤᠨ ᠤᠯᠠᠷᠢᠯ ᠪᠣᠯ ᠠᠮᠢᠲᠠᠨ ᠤ ᠬᠢᠵᠢᠭ ᠡᠪᠡᠳᠴᠢᠨ ᠤᠯᠠᠨ ᠡᠭᠦᠰᠬᠦ ᠬᠤᠭᠤᠴᠠᠭ᠎ᠠ ᠪᠣᠯᠤᠨ᠎ᠠ᠂ ᠬᠢᠵᠢᠭ ᠡᠪᠡᠳᠴᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠬᠤᠷᠢᠭᠯᠠᠬᠤ ᠶᠢᠨ ᠲᠥᠯᠥᠭᠡ᠂ ᠮᠣᠳᠤᠨ ᠠᠶᠢᠯ ᠰᠢᠶᠠᠩ ᠤᠨ ᠬᠢᠨ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠵᠠᠪᠳᠤᠨ ᠠᠳᠬᠤᠵᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠥᠯᠥᠪᠯᠡᠭᠡ ᠲᠣᠭᠲᠠᠭᠠᠵᠤ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ︽ᠠᠮᠤᠷ ᠲᠦᠪᠰᠢᠨ ᠤ ᠪᠠᠬᠢᠯᠡᠯᠲᠡ︾ ᠶᠢ ᠪᠠᠬᠢᠵᠢᠭᠦᠯᠵᠦ᠂ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠪᠠᠲᠤᠯᠠᠪᠠ᠃    ᠲᠣᠬᠢᠷᠠᠭᠤᠯᠵᠤ ᠨᠢᠭᠡᠳᠦᠯᠲᠡᠢ ᠲᠥᠯᠥᠪᠵᠢᠭᠦᠯᠬᠦ ᠶᠢ  ᠴᠢᠩᠭᠠᠳᠬᠠᠪᠠ᠃ ᠮᠣᠳᠤᠨ ᠠᠶᠢᠯ ᠰᠢᠶᠠᠩ ᠤᠨ ᠨᠠᠮ ᠤᠨ ᠬᠤᠷᠢᠶ᠎ᠠ᠂ ᠰᠢᠶᠠᠩ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶ ᠰᠡᠳᠦᠪᠲᠦ ᠬᠤᠷᠠᠯ ᠬᠤᠷᠠᠯᠳᠤᠵᠤ ᠪᠥᠬᠦ ᠲᠠᠯ᠎ᠠ ᠶᠢᠨ ᠲᠣᠬᠢᠷᠠᠭᠤᠯᠤᠯᠲᠠ ᠬᠢᠵᠦ᠂ ᠬᠤᠰᠢᠭᠤᠨ ᠤ ᠱᠠᠲᠤᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠥᠷᠨᠢᠭᠦᠯᠪᠡ᠃    ᠤᠬᠠᠭᠤᠯᠭ᠎ᠠ ᠪᠤᠯᠪᠠᠰᠤᠷᠠᠯ ᠢ ᠴᠢᠩᠭᠠᠳᠬᠠᠪᠠ᠃ ᠲᠣᠰᠬᠤᠨ ᠤ ᠱᠠᠲᠤᠨ ᠤ ᠬᠢᠵᠢᠭ ᠰᠡᠷᠭᠡᠶᠢᠯᠡᠭᠴᠢ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠳᠤ ᠬᠢᠵᠢᠭ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠰᠠᠶᠢᠲᠤᠷ ᠬᠢᠵᠦ᠂ ᠬᠢᠵᠢᠭ ᠰᠡᠷᠭᠡᠶᠢᠯᠡᠬᠦ ᠮᠡᠷᠭᠡᠵᠢᠯ ᠤᠨ ᠴᠢᠳᠠᠪᠤᠷᠢ ᠶᠢᠨ  ᠪᠣᠯᠪᠠᠰᠤᠷᠠᠯ ᠢ ᠥᠷᠨᠢᠭᠦᠯᠦᠨ᠂ ᠭᠤᠤᠯ ᠴᠣᠭᠴᠠ ᠶᠢᠨ ᠬᠢᠵᠢᠭ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠲᠣᠰᠬᠤᠨ ᠤ ᠱᠠᠲᠤᠨ ᠤ ᠬᠢᠵᠢᠭ ᠰᠡᠷᠭᠡᠶᠢᠯᠡᠭᠴᠢ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠶᠢ ᠵᠢᠯᠣᠭᠤᠳᠤᠨ ᠦᠯᠦ ᠬᠠᠯᠳᠠᠭᠠᠯᠲᠠ ᠶᠢᠨ ᠲᠡᠮᠳᠡᠭᠯᠡᠯ ᠢ ᠰᠠᠶᠢᠲᠤᠷ ᠬᠢᠯᠭᠡᠵᠦ᠂ ᠦᠯᠦ ᠬᠠᠯᠳᠠᠭᠠᠯᠲᠠ ᠶᠢᠨ ᠦᠶ᠎ᠡ ᠳᠤ ᠱᠠᠭᠠᠷᠳᠠᠯᠭ᠎ᠠ ᠶᠣᠰᠣᠭᠠᠷ ᠵᠡᠭᠦᠦ ᠶᠢ ᠰᠣᠯᠢᠵᠤ᠂ ᠠᠷᠢᠭᠤᠳᠬᠠᠯ ᠢ ᠴᠢᠩᠭᠠᠳᠬᠠᠵᠤ᠂ ᠬᠤᠪᠢ ᠬᠥᠮᠦᠨ ᠤ ᠰᠡᠷᠭᠡᠶᠢᠯᠡᠬᠦ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠲᠡᠵᠢᠭᠡᠨ ᠦᠷᠡᠵᠢᠭᠦᠯᠬᠦ ᠭᠤᠤᠯ ᠴᠣᠭᠴᠠ ᠶᠢ  ᠱᠠᠯᠠᠪᠳᠠᠭᠤᠯᠵᠤ ᠪᠠᠶᠢᠭᠠᠳ ᠮᠠᠯ ᠤᠨ ᠭᠠᠷᠭᠠᠭᠰᠠᠨ᠂ ᠬᠤᠳᠠᠯᠳᠤᠭᠰᠠᠨ᠂ ᠠᠷᠢᠭᠤᠳᠬᠠᠭᠰᠠᠨ᠂ ᠦᠯᠦ ᠬᠠᠯᠳᠠᠭᠠᠯᠲᠠ ᠬᠢᠭᠰᠡᠨ ᠵᠡᠷᠭᠡ ᠪᠠᠶᠢᠳᠠᠯ ᠢ ᠨᠠᠷᠢᠨ ᠲᠡᠮᠳᠡᠭᠯᠡᠵᠦ᠂ ᠡᠳᠦᠷ ᠲᠤᠲᠤᠮ ᠤᠨ ᠠᠷᠢᠭᠤᠳᠬᠠᠬᠤ ᠳᠦᠷᠢᠮ ᠢ ᠤᠬᠠᠮᠰᠠᠷ ᠠᠴᠠ ᠪᠠᠨ ᠬᠡᠷᠡᠭᠵᠢᠭᠦᠯᠵᠦ᠂ ᠠᠷᠢᠭᠤᠳᠬᠠᠬᠤ ᠡᠮ ᠤᠨ ᠵᠦᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠣᠯᠢᠵᠤ᠂ ᠠᠷᠢᠭᠤᠳᠬᠠᠬᠤ ᠦᠵᠡᠯ ᠤᠬᠠᠮᠰᠠᠷ ᠢ  ᠴᠢᠩᠭᠠᠷᠠᠭᠤᠯᠪᠠ᠃    ᠬᠢᠨᠠᠨ ᠵᠢᠯᠣᠭᠤᠳᠴᠤ ᠪᠠᠶᠢᠴᠠᠭᠠᠬᠤ ᠪᠠᠨ  ᠴᠢᠩᠭᠠᠳᠬᠠᠪᠠ᠃ ᠬᠡᠰᠡᠭ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠬᠢᠵᠢᠭ ᠢ ᠰᠡᠷᠭᠡᠶᠢᠯᠡᠬᠦ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠪᠥᠬᠦ ᠰᠢᠶᠠᠩ ᠤᠨ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠵᠤ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠤᠨ ᠳᠤᠮᠳᠠ ᠢᠯᠡᠷᠡᠭᠰᠡᠨ ᠠᠰᠠᠭᠤᠳᠠᠯ᠂ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠢᠯ ᠢᠶᠠᠨ ᠥᠷᠨᠢᠭᠦᠯᠦᠭᠰᠡᠨ ᠨᠢ ᠬᠦᠴᠦᠨ ᠥᠬᠡᠶ᠂ ᠠᠬᠢᠴᠠ ᠨᠢ ᠤᠳᠠᠭᠠᠨ ᠪᠠᠶᠢᠭ᠎ᠠ ᠲᠣᠰᠬᠤᠨ ᠢ ᠪᠣᠯᠵᠣᠨ ᠶᠠᠷᠢᠯᠴᠠᠵᠤ ᠵᠠᠷᠯᠠᠨ ᠮᠡᠳᠡᠭᠳᠡᠵᠦ᠂ ᠬᠠᠪᠤᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠪᠠ᠃    ᠲᠠᠷᠠᠭᠠᠴᠢ ᠶᠢᠨ ᠠᠯᠬᠤᠮ ᠳᠤ᠂ ᠮᠣᠳᠤᠨ ᠠᠶᠢᠯ ᠰᠢᠶᠠᠩ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠡᠯ᠎ᠡ ᠲᠥᠷᠥᠯ ᠤᠨ ᠬᠢᠵᠢᠭ ᠤᠨ ᠪᠠᠶᠢᠳᠠᠯ ᠪᠤᠶᠤ ᠰᠡᠵᠢᠭᠯᠡᠯᠲᠡᠶ ᠡᠪᠡᠳᠴᠢᠨ ᠤ ᠪᠠᠶᠢᠳᠠᠯ ᠢ ᠢᠯᠭᠠᠨ ᠲᠠᠨᠢᠬᠤ ᠪᠠ ᠤᠷᠢᠳᠴᠢᠯᠠᠨ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠢᠵᠢᠭ ᠢ ᠰᠡᠷᠭᠡᠶᠢᠯᠡᠬᠦ ᠯᠠᠪᠳᠠᠭᠤᠨ ᠪᠠᠲᠤᠲᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠦᠬᠦ ᠰᠢᠶᠠᠩ ᠤᠨ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠪᠠᠲᠤ ᠪᠠᠬᠢ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠪᠠᠶᠢᠭᠤᠯᠵᠤ᠂ ᠮᠠᠯ ᠠᠵᠤ ᠠᠬᠤᠢ ᠶᠢᠨ ᠠᠵᠤ ᠦᠢᠯᠡᠰ ᠤᠨ ᠦᠷᠭᠦᠯᠵᠢᠯᠡᠨ᠂ ᠲᠣᠭᠲᠠᠭᠤᠨ᠂ ᠡᠷᠡᠭᠦᠯ ᠢᠶᠠᠷ ᠰᠢᠨ᠎ᠡ ᠬᠥᠭᠵᠢᠯᠲᠡ ᠶᠢᠨ ᠱᠠᠲᠤᠨ ᠳᠤ ᠣᠷᠣᠬᠤ ᠶᠢ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号