ᠮᠠ ᠯᠢ ᠬᠤᠸᠠ ᠤᠢ ᠰᠢᠭᠤᠢ ᠪᠠ ᠠᠮᠤ  ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠬᠤ ᠪᠠ ︽  ᠭᠤᠯᠳᠤᠷᠢᠯ ᠢ ᠴᠡᠪᠡᠷᠯᠡᠬᠦ ᠠᠵᠢᠯᠯᠠᠭ᠎ᠠ︾ ᠶᠢᠨ ᠠᠵᠢᠯ ᠤᠨ ᠠᠬᠢᠴᠠ ᠶᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2025/4/16
        4 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠢ ᠳᠠᠭᠠᠭᠤᠯᠤᠨ ᠮᠠᠨᠢᠬᠠᠨ ᠰᠢᠶᠠᠩ᠂ ᠬᠤᠸᠠᠩ ᠶᠠᠩ ᠸᠠ ᠪᠠᠯᠭᠠᠰᠤ᠂ ᠮᠣᠳᠤᠨ ᠠᠶᠢᠯ ᠰᠢᠶᠠᠩ᠂ ᠨᠦᠬᠡᠲᠦ ᠪᠠᠯᠭᠠᠰᠤ᠂ ᠰᠢᠶᠠ ᠸᠠ ᠪᠠᠯᠭᠠᠰᠤ᠂ ᠰᠢᠨ ᠾᠦᠢ ᠪᠠᠯᠭᠠᠰᠤ ᠵᠡᠷᠭᠡ ᠭᠠᠵᠠᠷ ᠲᠤ ᠭᠦᠨᠵᠡᠭᠡᠶᠢᠷᠡᠨ ᠣᠶ ᠰᠢᠭᠤᠶ ᠪᠠ ᠠᠮᠤ  ᠪᠤᠳᠠᠭ᠎ᠠ ᠶᠢ ᠠᠯᠠᠭᠯᠠᠨ  ᠲᠠᠷᠢᠬᠤ ᠶᠢ ᠴᠠᠭᠠᠵᠠᠯᠠᠬᠤ ᠪᠠ ︽ᠭᠤᠯᠳᠤᠷᠢᠯ ᠢ ᠴᠡᠪᠡᠷᠯᠡᠬᠦ ᠠᠵᠢᠯᠯᠠᠭ᠎ᠠ︾ ᠶᠢᠨ ᠠᠵᠢᠯ ᠤᠨ ᠠᠬᠢᠴᠠ ᠶᠢ ᠬᠢᠨᠠᠨ ᠵᠢᠯᠣᠭᠤᠳᠴᠤ ᠪᠠᠶᠢᠴᠠᠭᠠᠪᠠ᠃
 C:\Users\Administrator\Desktop\10.jpg
   ᠣᠶ ᠰᠢᠭᠤᠶ ᠪᠠ ᠠᠮᠤ ᠪᠤᠳᠠᠭ᠎ᠠ ᠶᠢ ᠠᠯᠠᠭᠯᠠᠨ ᠲᠠᠷᠢᠬᠤ ᠶᠢ ᠴᠠᠭᠠᠵᠠᠯᠠᠬᠤ ᠠᠵᠢᠯ ᠢ ᠪᠠᠶᠢᠴᠠᠭᠠᠬᠤ ᠳᠠᠭᠠᠨ᠂ ᠮᠠ ᠯᠢ ᠬᠤᠸᠠ ᠡᠯ᠎ᠡ ᠴᠡᠭᠴᠡᠯᠡᠨ ᠰᠠᠶᠢᠵᠢᠷᠠᠭᠤᠯᠬᠤ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠯᠥᠪᠯᠡᠭᠡ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠨ ᠠᠰᠠᠭᠤᠨ ᠯᠠᠪᠯᠠᠵᠤ᠂ ᠲᠡᠷᠡ ᠲᠣᠭᠲᠠᠭᠠᠯ ᠠᠴᠠ ᠵᠥᠷᠢᠴᠡᠨ ᠳᠠᠷᠢᠬᠤ  ᠦᠢᠯᠡ ᠠᠵᠢᠯᠯᠠᠭ᠎ᠠ ᠳᠤ ︽ᠥᠴᠦᠬᠡᠨ ᠴᠦ ᠢᠯᠳᠠᠷ ᠬᠠᠶᠠᠬᠤ ᠥᠬᠡᠶ︾ ᠪᠠᠶᠢᠵᠤ᠂ ᠨᠢᠭᠡᠨᠲᠡ ᠴᠡᠪᠡᠷᠯᠡᠭᠰᠡᠨ ᠭᠠᠵᠠᠷ ᠢ ᠴᠠᠭ ᠲᠤᠬᠠᠶ ᠳᠤᠨᠢ ᠨᠥᠬᠦᠵᠦ ᠤᠷᠭᠤᠭᠤᠯᠬᠤ ᠪᠠ ᠨᠥᠬᠦᠵᠦ ᠳᠠᠷᠢᠬᠤ ᠠᠵᠢᠯ ᠢ ᠥᠷᠨᠢᠭᠦᠯᠵᠦ᠂ ᠮᠣᠳᠣᠨ ᠤ ᠲᠥᠷᠥᠯ ᠢ ᠤᠷᠢᠳᠠᠪᠠᠷ ᠰᠣᠩᠭᠤᠨ ᠬᠡᠷᠡᠭᠯᠡᠵᠦ᠂ 2025 ᠣᠨ ᠳᠤ ᠪᠥᠬᠦ ᠬᠤᠰᠢᠭᠤᠨ ᠤ ᠣᠶᠢᠲᠤ ᠭᠠᠵᠠᠷ  ᠤᠨ ᠣᠶ ᠰᠢᠭᠤᠶ ᠪᠠ ᠠᠮᠤ  ᠪᠤᠳᠠᠭ᠎ᠠ ᠶᠢ ᠠᠯᠠᠭᠯᠠᠨ ᠳᠠᠷᠢᠬᠤ ᠶᠢ ᠪᠥᠬᠦ ᠲᠠᠯ᠎ᠠ ᠪᠠᠷ ᠵᠣᠭᠰᠣᠭᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
C:\Users\Administrator\Desktop\11.jpg
    ︽ᠭᠤᠯᠳᠤᠷᠢᠯ ᠢ ᠴᠡᠪᠡᠷᠯᠡᠬᠦ ᠠᠵᠢᠯᠯᠠᠭ᠎ᠠ︾ ᠶᠢᠨ ᠠᠵᠢᠯ ᠢ ᠪᠠᠶᠢᠴᠠᠭᠠᠬᠤ ᠳᠠᠭᠠᠨ᠂ ᠮᠠ ᠯᠢ ᠬᠤᠸᠠ ᠳᠠᠷᠢᠬᠤ ᠶᠢ ᠴᠠᠭᠠᠵᠠᠯᠠᠬᠤ ᠱᠤᠭᠤᠮ ᠢ ᠵᠠᠭᠠᠭᠯᠠᠨ ᠲᠣᠭᠲᠠᠭᠠᠬᠤ᠂ ᠬᠠᠷᠰᠢ ᠰᠠᠭᠠᠳ ᠢ ᠠᠷᠢᠯᠭᠠᠬᠤ ᠵᠢᠴᠢ ᠯᠠᠶᠢᠳᠠᠬᠤ ᠢᠨᠵᠧᠨᠧᠷᠢᠩ ᠤᠨ ᠠᠬᠢᠴᠠ ᠶᠢ ᠨᠠᠷᠢᠨ ᠪᠠᠶᠢᠴᠠᠭᠠᠨ ᠦᠵᠡᠵᠦ᠂ ︽ᠨᠢᠭᠡ ᠱᠣᠭᠤᠮ ᠬᠤᠶᠠᠷ  ᠣᠷᠤᠨ︾  ᠤ ᠬᠠᠮᠢᠶᠠᠷᠤᠨ ᠡᠵᠡᠮᠳᠡᠬᠦ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠭᠤᠤᠯ ᠤᠨ ᠵᠠᠮ ᠢ ᠬᠠᠤᠯᠢ ᠪᠤᠰᠤ ᠪᠠᠷ ᠳᠠᠷᠢᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠤᠯ ᠮᠥᠷᠡᠨ ᠤ  ᠭᠤᠯᠳᠤᠷᠢᠯ ᠤᠨ ᠣᠷᠣᠨ ᠤ ᠲᠠᠷᠢᠶᠠᠨ ᠭᠠᠵᠠᠷ ᠢ ᠡᠷᠡᠰ ᠴᠡᠪᠡᠷᠯᠡᠨ ᠭᠠᠷᠭᠠᠵᠤ᠂ ᠤᠰᠤᠨ ᠤ ᠤᠷᠭᠤᠮᠠᠯ ᠤᠨ ᠬᠤᠴᠢᠯᠭ᠎ᠠ᠂ ᠪᠠᠷᠢᠯᠭ᠎ᠠ ᠵᠡᠷᠭᠡ ᠶᠢ ᠲᠦᠢᠯᠪᠤᠷᠢᠲᠠᠶ ᠴᠡᠪᠡᠷᠯᠡᠵᠦ᠂ ᠭᠤᠤᠯ ᠤᠨ ᠵᠠᠮ ᠤᠨ ᠦᠶᠡᠷ  ᠢ ᠶᠠᠪᠤᠭᠤᠯᠬᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ︵ᠰᠤᠷᠪᠤᠯᠵᠢᠯᠠᠭᠴᠢ  / ᠸᠠᠩ ᠾᠧ ᠨᠠᠨ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号