ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠨᠡᠮᠡᠯᠲᠡ ᠡᠳ᠋ ᠤᠨ ︽ᠬᠤᠶᠠᠷ ᠢ ᠬᠡᠲᠦᠷᠡᠭᠦᠯᠵᠦ ᠨᠢᠭᠡ ᠪᠤᠰᠤ ︾ ᠶᠢᠨ ᠲᠤᠰᠬᠠᠶ ᠴᠡᠭᠴᠡᠯᠡᠨ ᠵᠠᠰᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/4/17
    ᠢᠳᠡᠭᠡᠨ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠢᠳᠡᠭᠡᠨ ᠤ ᠨᠡᠮᠡᠯᠲᠡ ᠡᠳ᠋ ᠢ ᠬᠡᠪᠴᠢᠶ᠎ᠡ ᠠᠴᠠ ᠬᠡᠲᠦᠷᠡᠭᠦᠯᠬᠦ᠂ ᠢᠳᠡᠭᠡᠨ ᠤ ᠪᠤᠰᠤ ᠨᠡᠮᠡᠯᠲᠡ ᠡᠳ᠋ ᠢ ᠬᠠᠤᠯᠢ ᠪᠤᠰᠤ ᠪᠠᠷ ᠬᠡᠷᠡᠭᠯᠡᠬᠦ ᠠᠰᠠᠭᠤᠳᠠᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠪᠥᠬᠦ ᠬᠤᠰᠢᠭᠤᠨ ᠤ ᠢᠳᠡᠭᠡᠨ ᠤ ᠠᠮᠤᠷ ᠲᠦᠪᠰᠢᠨ ᠤ ︽ᠰᠦᠷ ᠬᠦᠴᠦᠨᠲᠦ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠰᠢᠭᠤᠨ ᠳᠤ ᠢᠳᠡᠭᠡᠨ ᠤ ᠨᠡᠮᠡᠯᠲᠡ ᠡᠳ᠋ ᠤᠨ ︽ᠬᠤᠶᠠᠷ ᠢ ᠬᠡᠲᠦᠷᠡᠭᠦᠯᠵᠦ ᠨᠢᠭᠡ  ᠪᠤᠰᠤ︾ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠤᠷᠭᠤᠮᠠᠯ ᠤᠨ ᠲᠣᠰᠣ᠂ ᠴᠠᠭᠠᠨ ᠢᠳᠡᠭᠡᠨ᠂ ᠮᠢᠬᠠᠨ ᠤ ᠪᠦᠲᠦᠭᠡᠭᠳᠡᠬᠦᠨ᠂ ᠤᠮᠳᠠᠭᠠᠨ᠂ ᠪᠣᠭᠤᠷᠰᠤᠭ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠳᠤ ᠭᠤᠤᠯᠳᠠᠯᠭ᠎ᠠ ᠲᠠᠢ ᠲᠤᠰᠬᠠᠶ ᠪᠠᠶᠢᠴᠠᠭᠠᠯᠲᠠ ᠥᠷᠨᠢᠭᠦᠯᠪᠡ᠃ ᠨᠢᠭᠡ ᠳᠤ᠂ ᠠᠵᠤ ᠠᠬᠤᠶᠢᠯᠠᠯ ᠤᠨ ᠢᠳᠡᠭᠡᠨ ᠦᠢᠯᠡᠳᠪᠦᠷᠢᠯᠡᠬᠦ ᠵᠦᠪᠰᠢᠶᠡᠷᠡᠯ ᠤᠨ ᠨᠦᠭᠦᠴᠡᠯ ᠢ ᠦᠷᠭᠦᠯᠵᠢᠯᠡᠨ ᠪᠠᠲᠤᠯᠠᠭᠰᠠᠨ ᠡᠰᠡᠬᠦ ᠶᠢ ᠪᠠᠶᠢᠴᠠᠭᠠᠪᠠ︔ ᠬᠤᠶᠠᠷ ᠲᠤ᠂ ᠢᠳᠡᠭᠡᠨ ᠤ ᠨᠠᠶᠢᠷᠠᠯᠭ᠎ᠠ ᠳᠠᠬᠢ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠬᠡᠪᠴᠢᠶ᠎ᠡ ᠪᠠ ᠬᠡᠷᠡᠭᠯᠡᠬᠦ ᠬᠡᠮᠵᠢᠶ᠎ᠡ ᠨᠢ ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾ ︵GB2760 - 2024︶ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠪᠡᠶᠡᠴᠢ ᠵᠣᠷᠢᠭᠤᠳᠠ ᠪᠤᠶᠤ ᠬᠠᠤᠯᠢ ᠲᠣᠭᠲᠠᠭᠠᠯ᠂ ᠪᠠᠷᠢᠮᠵᠢᠶ᠎ᠠ ᠶᠢ ᠰᠠᠶᠢᠨ ᠮᠡᠳᠡᠬᠦ ᠦᠭᠡᠢ ᠠᠴᠠ ᠪᠣᠯᠤᠭᠰᠠᠨ ᠢᠳᠡᠭᠡᠨ ᠤ ᠨᠡᠮᠡᠯᠲᠡ ᠡᠳ᠋ ᠢ ᠳᠤᠷ᠎ᠠ ᠪᠠᠷ ᠢᠶᠠᠨ  ᠬᠡᠷᠡᠭᠯᠡᠬᠦ ᠂ ᠬᠡᠪᠴᠢᠶ᠎ᠡ ᠠᠴᠠ ᠬᠡᠲᠦᠷᠡᠭᠦᠯᠬᠦ ᠂ ᠢᠳᠡᠭᠡᠨ ᠤ ᠨᠡᠮᠡᠯᠲᠡ ᠡᠳ᠋ ᠢ ᠬᠡᠮᠵᠢᠶ᠎ᠡ ᠠᠴᠠ ᠬᠡᠲᠦᠷᠡᠭᠦᠯᠦᠨ ᠬᠡᠷᠡᠭᠯᠡᠭᠰᠡᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠪᠠ︔ ᠭᠤᠷᠪᠠ ᠳᠤ᠂  ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠬᠤ ᠠᠵᠢᠯ ᠢ ᠴᠢᠩᠭ᠎ᠠ ᠠᠳᠬᠤᠭᠰᠠᠨ ᠡᠰᠡᠬᠦ ᠂  ᠢᠳᠡᠭᠡᠨ ᠤ ᠪᠣᠰᠤ ᠪᠣᠳᠠᠰ ᠢ ᠬᠡᠷᠡᠭᠯᠡᠨ ᠦᠢᠯᠡᠳᠪᠦᠷᠢᠯᠡᠯ  ᠳᠤ ᠬᠡᠷᠡᠭᠯᠡᠬᠦ ᠠᠵᠢᠯᠯᠠᠭ᠎ᠠ ᠣᠷᠤᠰᠢᠵᠤ ᠪᠠᠶᠢᠬᠤ ᠡᠰᠡᠬᠦ  ᠶᠢ  ᠪᠠᠶᠢᠴᠠᠭᠠᠪᠠ︔ ᠳᠦᠷᠪᠡ ᠳᠤ᠂ ᠦᠢᠯᠡᠳᠪᠦᠷᠢᠯᠡᠯ ᠤᠨ ᠶᠠᠪᠤᠴᠠ ᠨᠢ ᠢᠳᠡᠭᠡᠨ ᠤ ᠨᠡᠮᠡᠯᠲᠡ ᠡᠳ᠋ ᠬᠡᠷᠡᠭᠯᠡᠭᠰᠡᠨ ᠲᠡᠮᠲᠡᠭᠯᠡᠯ ᠢ ᠴᠢᠩᠭ᠎ᠠ ᠬᠢᠵᠠᠭᠠᠷᠯᠠᠬᠤ ᠶᠢᠨ ᠬᠠᠮᠲᠤ ᠦᠨᠡᠨ ᠪᠣᠳᠠᠲᠠᠢ ᠪᠠᠷ ᠲᠡᠮᠲᠡᠭᠯᠡᠭᠰᠡᠨ ᠡᠰᠡᠬᠦ ᠂ ᠦᠢᠯᠡᠳᠪᠦᠷᠢ ᠠᠴᠠ ᠭᠠᠷᠭᠠᠬᠤ ᠶᠢᠨ ᠰᠢᠯᠭᠠᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠦᠭᠰᠡᠨ ᠡᠰᠡᠬᠦ᠂ ᠦᠢᠯᠡᠳᠬᠦᠨ ᠤ ᠶᠠᠩᠵᠤ ᠦᠯᠡᠳᠡᠭᠡᠬᠦ ᠲᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠶᠢ ᠪᠠᠶᠢᠴᠠᠭᠠᠪᠠ︔ ᠲᠠᠪᠤ ᠳᠤ᠂ ᠱᠣᠰᠢᠭ᠎ᠠ ᠲᠡᠮᠳᠡᠭ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂  ᠦᠢᠯᠡᠳᠪᠦᠷᠢᠯᠡᠬᠦ ᠠᠵᠤ ᠠᠬᠤᠶᠢᠯᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠣᠨᠣᠪᠴᠢᠲᠠᠶ ᠲᠣᠳᠣᠷᠬᠠᠶᠢᠯᠠᠭᠰᠠᠨ ᠡᠰᠡᠬᠦ᠂ ᠨᠠᠶᠢᠷᠠᠯᠠᠭ᠎ᠠ ᠶᠢᠨ ᠬᠦᠰᠦᠨᠦᠭᠲᠦ ᠨᠢ ᠬᠡᠷᠡᠭᠯᠡᠭᠰᠡᠨ ᠢᠳᠡᠭᠡᠨ ᠤ ᠨᠡᠮᠡᠯᠲᠡ ᠡᠳ᠋ ᠢ ᠣᠨᠣᠪᠴᠢᠲᠠᠶ ᠲᠣᠳᠣᠷᠬᠠᠶᠢᠯᠠᠭᠰᠠᠨ ᠡᠰᠡᠬᠦ ᠶᠢ ᠪᠠᠶᠢᠴᠠᠭᠠᠵᠤ᠂ ᠬᠡᠷᠡᠭᠯᠡᠭᠴᠢᠳ ᠲᠤ ᠰᠢᠭᠤᠳ ᠬᠡᠷᠡᠭᠯᠡᠭᠰᠡᠨ ᠢᠳᠡᠭᠡᠨ ᠤ ᠨᠡᠮᠡᠯᠲᠡ ᠡᠳ᠋ ᠨᠢ ︽ᠵᠢᠵᠢᠭᠯᠡᠨ ᠬᠤᠳᠠᠯᠳᠤᠬᠤ︾ ᠭᠡᠰᠡᠨ ᠥᠰᠥᠭ ᠢ ᠲᠣᠳᠤᠷᠬᠠᠢ ᠲᠡᠮᠲᠡᠭᠯᠡᠭᠰᠡᠨ ᠡᠰᠡᠬᠦ ᠵᠡᠷᠭᠡ ᠶᠢ  ᠪᠠᠶᠢᠴᠠᠭᠠᠭᠰᠠᠨ ᠪᠠᠶᠢᠨ᠎ᠠ᠃ ᠡᠭᠦᠨ ᠤ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠳ ᠥᠷᠭᠡᠨ ᠣᠯᠠᠨ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢ ᠪᠣᠯᠤᠨ ᠬᠡᠷᠡᠭᠯᠡᠭᠴᠢᠳ ᠲᠤ ︽ᠬᠤᠶᠠᠷ ᠢ ᠬᠡᠲᠦᠷᠡᠭᠦᠯᠵᠦ ᠨᠢᠭᠡ ᠪᠣᠰᠤ︾ ᠶᠢ ᠵᠥᠷᠢᠴᠡᠬᠦ ᠬᠤᠤᠷ ᠬᠥᠨᠥᠭᠡᠯ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠲᠦᠭᠡᠮᠡᠯᠵᠢᠭᠦᠯᠵᠦ᠂ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠶᠢ ᠱᠠᠯᠠᠪᠳᠠᠭᠤᠯᠤᠨ᠂ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠣᠯᠤᠨ ᠬᠢᠨᠠᠯᠲᠠ ᠲᠠᠯᠪᠢᠯᠲᠠ ᠳᠤ ᠣᠷᠣᠯᠴᠠᠬᠤ ᠦᠵᠡᠯ ᠤᠬᠠᠮᠰᠠᠷ ᠢ  ᠳᠡᠭᠡᠭᠰᠢᠯᠡᠭᠦᠯᠪᠡ᠃    ᠣᠲᠣ ᠪᠣᠯᠲᠠᠯ᠎ᠠ᠂ ᠡᠯ᠎ᠡ ᠲᠥᠷᠥᠯ ᠤᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠢ ᠨᠡᠶᠢᠲᠡ 125 ᠪᠠᠶᠢᠴᠠᠭᠠᠵᠤ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠢᠳᠡᠭᠡᠨ ᠤ ᠵᠠᠭᠪᠤᠷ ᠨᠢ ᠵᠢᠷᠤᠮᠵᠢᠯ ᠥᠬᠡᠶ᠂ ᠡᠳᠦᠷ ᠤᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠵᠡᠷᠭᠡ ᠠᠰᠠᠭᠤᠳᠠᠯ ᠢ ᠨᠢᠭᠡᠨᠲᠡ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ  ᠰᠠᠶᠢᠵᠢᠷᠠᠭᠤᠯᠪᠠ᠃ ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠢ ᠬᠡᠲᠦᠷᠡᠭᠦᠯᠵᠦ ᠨᠢᠭᠡ ᠪᠣᠰᠤ︾  ᠶᠢᠨ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠥᠨᠳᠥᠷ ᠳᠠᠷᠤᠯᠲᠠᠲᠤ ᠪᠠᠶᠢᠳᠠᠯ ᠢᠶᠠᠷ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠵᠤ᠂ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号