ᠠᠤᠬᠠᠨ ᠬᠤᠰᠢᠭᠤ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠣᠯᠠᠨ ᠤᠯᠤᠰᠴᠢᠯᠠᠭᠰᠠᠨ ᠡᠵᠡᠩᠨᠡᠯᠲᠡ ᠶᠢᠨ ᠲᠣᠭᠲᠠᠭᠠᠯ ᠳᠤ ᠨᠡᠶᠢᠴᠡᠬᠦ ᠴᠢᠨᠠᠷᠲᠠᠶ ᠵᠢᠭᠰᠠᠭᠠᠨ ᠪᠠᠶᠢᠴᠠᠭᠠᠬᠤ ᠠᠵᠢᠯᠯᠠᠭ᠎ᠠ ᠳᠤ ᠣᠷᠣᠯᠴᠠᠭᠤᠯᠵᠤ᠂ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/17
    ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠤᠯᠤᠰᠴᠢᠯᠠᠭᠰᠠᠨ ᠡᠵᠡᠩᠨᠡᠯᠲᠡ ᠶᠢᠨ ᠲᠣᠭᠲᠠᠭᠠᠯ ᠳᠤ ᠨᠡᠶᠢᠴᠡᠬᠦ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠬᠤ ᠶᠢᠨ ᠲᠥᠯᠥᠭᠡ᠂ 4 ᠰᠠᠷ᠎ᠠ ᠶᠢᠨ 15 ᠤ ᠡᠳᠦᠷ᠂ ᠠᠤᠬᠠᠨ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠥᠪᠥᠷ ᠮᠣᠩᠭᠤᠯ ᠤᠨ ᠸᠧᠢ ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠸᠠᠨ ᠳ᠋ᠠᠶ ᠹᠦ᠋ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 4 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠤᠯᠠᠭᠠᠨᠬᠠᠳᠠ ᠬᠤᠲᠠ ᠶᠢᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠭᠠᠭᠠᠨ ᠡᠷᠭᠢᠯᠡᠭᠰᠡᠨ ︽ᠠᠵᠤ ᠠᠬᠤᠶᠢᠯᠠᠯ ᠤᠨ ᠣᠯᠠᠨ ᠤᠯᠤᠰᠴᠢᠯᠠᠭᠰᠠᠨ ᠡᠵᠡᠩᠨᠡᠯᠲᠡ ᠶᠢᠨ ᠲᠣᠭᠲᠠᠭᠠᠯ ᠳᠤ ᠨᠡᠶᠢᠴᠡᠬᠦ ᠴᠢᠨᠠᠷᠲᠠᠶ ᠵᠢᠭᠰᠠᠭᠠᠨ ᠪᠠᠶᠢᠴᠠᠭᠠᠬᠤ ᠠᠵᠢᠯᠯᠠᠭ᠎ᠠ︾ ᠳᠤ ᠣᠷᠣᠯᠴᠠᠪᠠ᠃ ᠲᠣᠰ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠬᠠᠮᠢᠶᠠᠷᠤᠯᠲᠠ ᠶᠢᠨ ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶ ᠮᠡᠷᠭᠡᠵᠢᠯᠲᠡᠨ ᠤ ᠲᠠᠶᠢᠯᠤᠮᠵᠢ ᠬᠢᠬᠦ᠂ ᠬᠡᠷᠡᠭ ᠤᠨ ᠵᠢᠱᠢᠶ᠎ᠡ ᠶᠢ ᠵᠠᠳᠠᠯᠬᠤ ᠪᠠ ᠲᠤᠬᠠᠶ ᠶᠢᠨ ᠲᠠᠯᠠᠪᠤᠷ ᠲᠤ ᠰᠣᠯᠢᠯᠴᠠᠬᠤ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ︽ᠲᠡᠯᠡᠶ ᠳᠤ ᠭᠠᠷᠭᠠᠬᠤ︾ ᠲᠣᠭᠲᠠᠭᠠᠯ ᠳᠤ ᠨᠡᠶᠢᠴᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃    ᠠᠵᠢᠯᠯᠠᠭ᠎ᠠ ᠶᠢᠨ ᠳᠤᠮᠳᠠ᠂ ᠲᠣᠭᠲᠠᠭᠠᠯ ᠳᠤ ᠨᠡᠶᠢᠴᠡᠬᠦ ᠬᠦᠷᠢᠶᠡᠨ ᠳᠠᠬᠢ ᠨᠠᠷᠠᠲᠤ ᠲᠤᠰᠬᠠᠶ ᠮᠡᠷᠭᠡᠵᠢᠯᠲᠡᠨ ᠭᠠᠳᠠᠭᠠᠳᠤ ᠠᠷᠠᠯᠵᠢᠶ᠎ᠠ᠂ ᠭᠠᠳᠠᠭᠠᠳᠤ ᠳᠤ ᠪᠠᠯᠠ ᠣᠷᠣᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠂ ᠠᠵᠤ ᠠᠬᠤᠶ ᠶᠢᠨ ᠵᠠᠯᠬᠠᠭᠠᠬᠤ᠂ ᠭᠠᠳᠠᠭᠠᠳᠤ ᠳᠤ ᠭᠠᠷᠭᠠᠬᠤ ᠶᠢ ᠵᠠᠬᠢᠷᠤᠨ ᠬᠠᠮᠢᠶᠠᠷᠬᠤ᠂ ᠠᠷᠠᠯᠵᠢᠶᠠᠨ ᠤ ᠲᠡᠳᠬᠦᠮᠵᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ᠂ ᠬᠢᠯᠢ ᠶᠢᠨ ᠠᠷᠠᠯᠵᠢᠶ᠎ᠠ ᠵᠡᠷᠭᠡ 10 ᠭᠤᠤᠯᠳᠠᠯᠭ᠎ᠠ ᠲᠠᠢ ᠬᠦᠷᠢᠶᠡᠨ ᠤ ᠲᠣᠭᠤᠷᠢᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠂ ᠰᠢᠰᠲ᠋ᠧᠮᠲᠦ ᠴᠢᠨᠠᠷᠲᠠᠶ ᠵᠠᠳᠠᠯᠤᠯᠲᠠ ᠪᠠ ᠪᠣᠳᠠᠲᠤ ᠶᠠᠪᠤᠳᠠᠯ ᠤᠨ ᠲᠠᠶᠢᠯᠤᠮᠵᠢ ᠬᠢᠪᠠ᠃    ᠲᠤᠬᠠᠶ ᠶᠢᠨ ᠲᠠᠯᠠᠪᠠᠶ ᠳᠤ ᠰᠣᠯᠢᠯᠴᠠᠬᠤ ᠭᠤᠭᠴᠤᠭ᠎ᠠ ᠳᠤ᠂ ᠲᠤᠰᠬᠠᠶ ᠮᠡᠷᠭᠡᠵᠢᠯᠲᠡᠨ ᠥᠪᠥᠷ ᠮᠣᠩᠭᠤᠯ ᠤᠨ ᠸᠧᠢ ᠨᠢ ᠬᠤᠤ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ︽ᠳᠤᠮᠳᠠᠳᠤ ᠠᠮᠧᠷᠢᠺᠠ ᠶᠢᠨ ᠠᠷᠠᠯᠵᠢᠶᠠᠨ ᠤ ᠦᠷᠦᠯᠳᠦᠭᠡ ᠳᠤᠮᠳᠠᠬᠢ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠦᠯᠦᠨ ᠠᠷᠭᠠᠴᠠᠭᠠᠬᠤ︾ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ᠂ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠤᠭᠴᠤᠭ᠎ᠠ ᠳᠤ ᠲᠤᠯᠭᠠᠷᠠᠭᠰᠠᠨ ᠪᠣᠭᠤᠮᠲᠠ ᠶᠢᠨ ᠭᠠᠶᠢᠯᠢ ᠶᠢᠨ ᠬᠤᠷᠢᠭ᠎ᠠ ᠴᠠᠷᠠᠭ᠎ᠠ᠂ ᠮᠡᠷᠭᠡᠵᠢᠯ ᠤᠨ ᠪᠠᠷᠢᠮᠵᠢᠶ᠎ᠠ ᠶᠢ ᠭᠡᠷᠡᠴᠢᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠥᠪᠡᠷᠮᠢᠴᠡ ᠴᠢᠨᠠᠷᠲᠠᠶ ᠰᠢᠢᠳᠪᠦᠷᠢᠯᠡᠬᠦ ᠲᠥᠰᠦᠯ ᠬᠠᠩᠭᠠᠵᠤ᠂ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠤᠨ ᠪᠠᠬᠢᠯᠡᠯᠲᠡ ᠶᠢ ᠰᠢᠪᠲᠤᠯᠬᠤ ᠳᠤ ᠪᠣᠳᠠᠲᠠᠶ ᠠᠵᠢᠯᠯᠠᠭᠠᠨ ᠤ ᠵᠢᠯᠣᠭᠤᠳᠣᠯᠭ᠎ᠠ ᠬᠠᠩᠭᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠤᠳᠠᠯᠳᠤᠭᠠᠨ ᠤ ᠶᠠᠪᠤᠳᠠᠯ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠬᠦ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠳᠠᠭᠠᠵᠤ᠂ ᠴᠢᠨᠠᠷ ᠰᠠᠶᠢᠲᠠᠶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠠᠩ ᠣᠯᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠰᠣᠯᠢᠯᠴᠠᠨ ᠬᠠᠮᠲᠤᠷᠠᠯᠴᠠᠬᠤ ᠲᠠᠪᠴᠠᠩ ᠢ ᠪᠠᠶᠢᠭᠤᠯᠵᠤ᠂ ᠠᠵᠤ ᠠᠬᠤᠶᠢᠯᠠᠯ ᠤᠨ ︽ᠭᠠᠳᠠᠭᠰᠢ ᠭᠠᠷᠬᠤ︾ ᠶᠠᠪᠤᠴᠠ ᠳᠤ ᠯᠠᠪᠳᠠᠭᠤᠨ ᠢᠶᠠᠷ ᠬᠤᠯᠠ ᠠᠶᠠᠯᠠᠬᠤ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠭᠠᠳᠠᠭᠰᠢ ᠴᠢᠭᠯᠡᠭᠦᠯᠦᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠣᠭᠲᠠᠭᠠᠯ ᠳᠤ ᠨᠡᠶᠢᠴᠡᠬᠦ ᠬᠥᠳᠡᠯᠭᠡᠬᠦ ᠬᠦᠴᠦᠨ ᠨᠡᠮᠡᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号