| ︽ᠠᠤᠬᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 2023 ᠣᠨ ᠤ ᠡᠳ᠋ ᠤᠨ ᠵᠠᠰᠠᠭ ᠤᠨ | ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠲᠤᠬᠠᠶ ᠮᠡᠳᠡᠭᠳᠡᠯ︾ ︵ ᠠᠣᠬᠠᠨ ᠡᠳ᠋ ᠲᠥᠰᠦᠪ ﹇2025﹈ 62 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ᠠᠵᠢᠯᠲᠠᠨ ᠢ ︽2023 ᠣᠨ ᠤ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ︵ | ᠬᠤᠶᠠᠳᠤᠭᠠᠷ ᠪᠦᠯᠦᠭ︶︾ ᠶᠢᠨ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠰᠢᠵᠤ | ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ ᠴᠡᠭᠴᠡᠯᠡᠨ ᠰᠠᠶᠢᠵᠢᠷᠠᠭᠤᠯᠵᠤ᠂ ᠣᠲᠣ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠳᠣᠤᠷᠠᠬᠢ ᠮᠡᠲᠦ ᠮᠡᠳᠡᠭᠦᠯᠪᠡ᠄ | ᠨᠢᠭᠡ᠂ ᠣᠷᠣᠰᠢᠵᠤ ᠪᠠᠶᠢᠭ᠎ᠠ ᠠᠰᠠᠭᠤᠳᠠᠯ | 2024 ᠣᠨ ᠤ 11 ᠰᠠᠷ᠎ᠠ ᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠢ ᠾᠧᠩ ᠵᠥᠪᠯᠡᠯᠭᠡ | ᠥᠭᠬᠦ ︵ᠳ᠋ᠠᠯᠢᠶᠠᠨ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠠᠤᠬᠠᠨ ᠬᠤᠰᠢᠭᠤᠨ ᠤ ᠠᠵᠤ | ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠠᠤᠬᠠᠨ ᠬᠤᠰᠢᠭᠤᠨ ᠤ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ︽2023 ᠣᠨ ᠤ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠶ ᠪᠠᠯᠠ | ᠮᠥᠩᠭᠦ ︵ᠬᠤᠶᠠᠳᠤᠭᠠᠷ ᠪᠦᠯᠦᠭ︶︾ ᠶᠢᠨ ᠲᠥᠷᠥᠯ ᠵᠦᠢᠯ ᠳᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠵᠦ᠂ | ᠲᠣᠰ ᠲᠥᠷᠥᠯ ᠵᠦᠢᠯ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠯᠲᠡ 95.5 ᠬᠤᠪᠢ ︵ᠪᠦᠷᠢᠨ | ᠬᠤᠪᠢ100 ᠬᠤᠪᠢ︶ ᠣᠯᠵᠤ᠂ ᠦᠨᠡᠯᠡᠯᠲᠡ ᠶᠢᠨ ᠲᠠᠰ ᠰᠢᠯᠢᠳᠡᠭ᠂ ᠪᠣᠬᠢᠷᠲᠤᠯ ᠥᠬᠡᠶ ᠵᠢᠱᠢᠶ᠎ᠡ ᠦᠵᠡᠭᠦᠯᠬᠦ | ᠲᠥᠷᠥᠯ ᠵᠦᠢᠯ᠂ ᠡᠨᠧᠷᠭᠢ ᠶᠢᠨ ᠬᠤᠷᠣᠭᠳᠠᠯ ᠶᠡᠬᠡᠲᠡᠶ ᠬᠤᠴᠣᠷᠤᠩᠭᠤᠶ ᠮᠠᠰᠢᠨ ᠴᠠᠬᠢᠯᠭᠠᠨ ᠤ ᠲᠥᠬᠦᠭᠡᠷᠦᠮᠵᠢ ᠶᠢ | ᠰᠢᠭᠰᠢᠭᠳᠡᠭᠦᠯᠦᠭᠰᠡᠨ ᠲᠥᠷᠥᠯ ᠵᠦᠢᠯ ᠤᠨ ᠪᠠᠯᠠ ᠮᠥᠩᠭᠦ ᠶᠢ ᠴᠠᠭ ᠲᠤᠬᠠᠶ ᠳᠤᠨᠢ ᠦᠭᠭᠦᠭᠰᠡᠨ ᠦᠭᠡᠢ ᠠᠴᠠ ᠪᠣᠯᠵᠣ | 2 ᠬᠤᠪᠢ ᠬᠠᠰᠤᠪᠠ᠃ | ᠬᠤᠶᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠴᠠᠭ ᠲᠤᠬᠠᠶ ᠳᠤᠨᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠪᠠᠯᠠ ᠮᠥᠩᠭᠦ ᠭᠤᠶᠤᠴᠢᠯᠠᠵᠤ᠂ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠰᠢᠭᠤᠳ ᠰᠠᠯᠭᠠᠨ ᠥᠭᠭᠦᠭᠰᠡᠨ ᠪᠠᠯᠠ ᠮᠥᠩᠭᠦ ᠶᠢ ᠴᠠᠭ | ᠲᠤᠬᠠᠶ ᠳᠤᠨᠢ ᠠᠵᠤ ᠠᠬᠤᠶᠢᠯᠠᠯ ᠤᠨ ᠲᠠᠩᠰᠠᠨ ᠡᠷᠦᠬᠡ ᠳᠤ ᠬᠦᠷᠦᠭᠦᠯᠬᠦ ᠪᠠᠷ ᠴᠢᠷᠮᠠᠶᠢᠨ᠎ᠠ᠃ | ᠭᠤᠷᠪᠠ᠂ ᠲᠠᠷᠠᠭᠠᠴᠢ ᠶᠢᠨ ᠠᠯᠬᠤᠮ ᠤᠨ ᠠᠮᠵᠢᠯᠲᠠ ᠪᠦᠲᠦᠮᠵᠢ ᠶᠢᠨ ᠠᠵᠢᠯ ᠤᠨ ᠲᠣᠬᠢᠷᠠᠭᠤᠯᠤᠯᠲᠠ | ᠡᠶᠢᠮᠦᠷᠬᠦᠦ ᠠᠰᠠᠭᠤᠳᠠᠯ ᠳᠠᠬᠢᠨ ᠨᠢᠭᠡ ᠤᠳᠠᠭ᠎ᠠ ᠭᠠᠷᠬᠤ ᠠᠴᠠ ᠵᠠᠶᠢᠯᠠᠰᠬᠢᠨ᠎ᠡ᠃ |