| ᠠᠤᠬᠠᠨ ᠬᠤᠰᠢᠭᠤᠨ ᠤ ᠬᠤᠲᠠ ᠲᠣᠭᠤᠷᠢᠭ ᠤᠨ ᠤᠰᠤ ᠬᠠᠩᠭᠠᠬᠤ ᠰᠠᠭᠤᠷᠢ ᠲᠦᠬᠦᠭᠡᠷᠦᠮᠵᠢ ᠶᠢᠨ | ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠯᠠᠪᠳᠠᠭᠤᠨ ᠢᠶᠠᠷ ᠠᠭᠢᠪᠠ᠃ ᠣᠲᠣ ᠨᠢᠭᠡᠨᠲᠡ | 1221 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ DN500 ᠬᠤᠭᠤᠯᠠᠶ ᠶᠢᠨ 5.4 | ᠺᠢᠯᠦᠮᠧᠲᠷ ᠤᠨ ᠬᠤᠭᠤᠯᠠᠶ ᠶᠢ ᠪᠡᠶᠡᠯᠡᠭᠦᠯᠵᠦ᠂ ᠡᠯ᠎ᠡ ᠲᠥᠷᠥᠯ ᠤᠨ ᠤᠰᠤ ᠬᠠᠩᠭᠠᠬᠤ ᠬᠤᠭᠤᠯᠠᠶ᠂ ᠬᠤᠭᠤᠯᠠᠶ ᠶᠢ | ᠨᠢᠭᠡᠨᠲᠡ ᠪᠦᠬᠦᠨ ᠢ ᠲᠠᠯᠠᠪᠠᠶ ᠳᠤ ᠣᠷᠣᠭᠤᠯᠵᠤ᠂ ᠲᠥᠯᠥᠪᠯᠡᠭᠡ ᠶᠣᠰᠣᠭᠠᠷ 2025 ᠣᠨ ᠤ 8 ᠰᠠᠷ᠎ᠠ ᠳᠤ ᠪᠠᠷᠢᠵᠤ | ᠳᠠᠭᠤᠰᠬᠠᠨ᠎ᠠ᠃ | ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 4779 ᠲᠦᠮᠡᠨ ᠲᠥᠭᠦᠷᠢᠭ ᠪᠠᠶᠢᠵᠤ᠂ | ᠤᠰᠤ ᠬᠠᠩᠭᠠᠬᠤ ᠭᠤᠤᠯᠴᠢᠯᠠᠨ ᠬᠠᠮᠢᠶᠠᠷᠬᠤ ᠤᠲᠠᠰᠤ ᠵᠢᠴᠢ ᠬᠠᠭᠤᠴᠢᠨ ᠰᠠᠯᠪᠤᠷᠢ ᠬᠤᠭᠤᠯᠠᠶ ᠶᠢ 30.9 | ᠺᠢᠯᠦᠮᠧᠲᠷ ᠥᠭᠡᠷᠡᠴᠢᠯᠡᠬᠦ ᠪᠠᠷ ᠲᠥᠯᠥᠪᠯᠡᠵᠦ ᠪᠠᠶᠢᠬᠤ ᠪᠥᠭᠡᠳ ᠨᠢᠭᠡ ᠳᠠᠷᠤᠯᠲᠠ ᠨᠡᠮᠡᠬᠦ ᠬᠥᠭᠡᠷᠭᠡ ᠶᠢᠨ ᠥᠷᠲᠡᠭᠡ ᠶᠢ | ᠥᠭᠡᠷᠡᠴᠢᠯᠡᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠠᠤᠬᠠᠨ ᠬᠤᠰᠢᠭᠤᠨ ᠤ ᠬᠤᠲᠠ | ᠲᠣᠭᠤᠷᠢᠭ ᠤᠨ ᠲᠣᠭᠤᠷᠢᠯ ᠵᠠᠮ ᠳᠤ ︽ᠬᠤᠤᠰ ᠤᠰᠤᠨ ᠰᠤᠷᠪᠤᠯᠵᠢ ᠶᠢ ᠬᠠᠷᠢᠯᠴᠠᠨ ᠨᠥᠬᠦᠪᠥᠷᠢᠯᠡᠬᠦ᠂ ᠣᠯᠠᠨ | ᠵᠠᠩᠭᠢᠯᠠᠭ᠎ᠠ ᠶᠢᠨ ᠴᠡᠭ ᠢ ᠬᠠᠷᠢᠯᠴᠠᠨ ᠬᠤᠯᠪᠣᠬᠤ︾ ᠣᠶᠤᠨᠴᠢ ᠤᠰᠤ ᠬᠠᠩᠭᠠᠬᠤ ᠲᠣᠤᠷ ᠢ ᠪᠣᠶ ᠪᠣᠯᠭᠠᠵᠤ᠂ ᠤᠰᠤ | ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠬᠢᠷᠢ | ᠲᠦᠪᠰᠢᠨ ᠢ ᠳᠡᠭᠡᠭᠰᠢᠯᠡᠭᠦᠯᠦᠨ᠂ ᠬᠤᠭᠤᠯᠠᠶ ᠶᠢᠨ ᠲᠣᠤᠷ ᠤᠨ ᠤᠰᠤ ᠭᠤᠭᠤᠵᠢᠬᠤ ᠯᠡᠪᠡᠷᠡᠬᠦ ᠠᠰᠠᠭᠤᠳᠠᠯ ᠪᠠ ᠰᠢᠨ | ᠬᠤᠸᠠ ᠵᠠᠮ ᠠᠴᠠ ᠡᠮᠦᠨᠡᠬᠢ ᠰᠠᠭᠤᠭᠠᠯᠢ ᠠᠷᠠᠳ ᠤᠨ ᠢᠳᠡᠬᠦ ᠤᠰᠤᠨ ᠤ ᠳᠠᠷᠤᠯᠲᠠ ᠬᠦᠷᠦᠯᠴᠡᠬᠦ ᠥᠬᠡᠶ ᠪᠠᠶᠢᠬᠤ | ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠠᠮᠤᠷ | ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ |