| 4 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ ᠠᠤᠬᠠᠨ ᠬᠤᠰᠢᠭᠤᠨ ᠤ | 2025 ᠣᠨ ᠤ ︽ᠬᠤᠶᠠᠷ ᠲᠥᠯᠥᠭᠡᠯᠡᠭᠴᠢ ᠨᠢᠭᠡ ᠬᠡᠰᠢᠭᠦᠨ︾ ᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠵᠤ | ᠂ ᠠᠤᠬᠠᠨ ᠨᠠᠷᠢᠮᠤ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠡᠳ᠋ᠰᠢᠭᠦᠯᠬᠦ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ | ᠵᠡᠷᠭᠡ ᠲᠠᠯ᠎ᠠ ᠶᠢᠨ ᠲᠣᠭᠤᠷᠢᠨ ᠳᠤ ᠲᠥᠯᠥᠭᠡᠯᠡᠭᠴᠢ ᠬᠡᠰᠢᠭᠦᠨ ᠤ ᠰᠠᠨᠠᠯ ᠰᠠᠨᠠᠭᠤᠯᠭ᠎ᠠ ᠶᠢ ᠰᠣᠨᠣᠰᠪᠠ᠃ | ᠶᠠᠷᠢᠯᠴᠠᠬᠤ ᠬᠤᠷᠠᠯ ᠳᠡᠭᠡᠷ᠎ᠡ᠂ ᠨᠠᠮ ᠤᠨ ᠲᠥᠯᠥᠭᠡᠯᠡᠭᠴᠢ ᠢᠦᠢ ᠵᠢᠩ ᠬᠤᠩ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠦᠸᠧ ᠷᠦᠢ ᠯᠦᠩ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠭᠤᠤ ᠶᠢᠨ ᠯᠢᠶᠠᠩ ᠵᠡᠷᠭᠡ 10 ᠲᠥᠯᠥᠭᠡᠯᠡᠭᠴᠢ ᠭᠡᠰᠢᠭᠦᠨ ᠤᠷᠢᠳ ᠬᠤᠵᠢᠳ ᠶᠠᠷᠢᠶ᠎ᠠ | ᠲᠠᠯᠪᠢᠪᠡ᠃ | ᠬᠤᠷᠠᠯ ᠠᠴᠠ ᠂ ᠥᠷᠭᠡᠨ ᠣᠯᠠᠨ ᠲᠥᠯᠥᠭᠡᠯᠡᠭᠴᠢ ᠭᠡᠰᠢᠭᠦᠳ ᠠᠷᠠᠳ ᠣᠯᠠᠨ ᠤ ᠳᠤᠮᠳᠠ ᠠᠴᠠ ᠢᠷᠡᠵᠦ᠂ | ᠠᠷᠠᠳ ᠣᠯᠠᠨ ᠲᠠᠢ ᠨᠢᠭᠲᠠ ᠬᠠᠷᠢᠴᠠᠭ᠎ᠠ ᠲᠠᠢ ᠪᠠᠶᠢᠵᠤ᠂ ᠦᠨᠳᠦᠰᠦᠨ ᠱᠠᠲᠤᠨ ᠤ ᠪᠠᠶᠢᠳᠠᠯ ᠢ ᠬᠠᠮᠤᠭ ᠤᠨ | ᠣᠶᠢᠯᠠᠭᠠᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠮᠤᠭ ᠤᠨ ᠲᠣᠳᠣᠷᠬᠠᠶ ᠪᠣᠯᠭᠠᠵᠤ᠂ ᠨᠠᠮ ᠪᠠ ᠣᠯᠠᠨ | ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠨᠡᠶᠢᠭᠡᠮ ᠤᠨ ᠵᠥᠷᠢᠴᠡᠯ ᠢ ᠠᠷᠢᠯᠭᠠᠬᠤ᠂ ᠨᠡᠶᠢᠭᠡᠮ ᠤᠨ ᠡᠶ᠎ᠡ | ᠵᠣᠬᠢᠴᠠᠯ ᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠤ | ᠬᠦᠰᠡᠯ ᠡᠷᠡᠮᠡᠯᠵᠡᠯ ᠳᠤ ᠬᠠᠷᠢᠭᠤ ᠥᠭᠬᠦ ᠬᠦᠨᠳᠦ ᠡᠭᠦᠷᠭᠡ ᠶᠢ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤ ᠪᠣᠶ ᠪᠣᠯᠭᠠᠵᠤ᠂ ᠦᠵᠡᠯ ᠰᠠᠨᠠᠭᠠᠨ ᠤ | ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠤᠬᠠᠮᠰᠠᠷ ᠢᠶᠠᠨ ᠴᠢᠩᠭᠠᠳᠬᠠᠵᠤ᠂ ᠠᠷᠠᠳ ᠲᠦᠮᠡᠨ ᠳᠤ ᠨᠠᠩ | ᠰᠠᠶᠢᠨ ᠦᠢᠯᠡᠴᠢᠯᠡᠵᠦ᠂ ᠬᠥᠭᠵᠢᠯᠲᠡ ᠳᠤ ᠨᠠᠩ ᠰᠠᠶᠢᠨ ᠠᠷᠭ᠎ᠠ ᠤᠬᠠᠭᠠᠨ ᠭᠠᠷᠭᠠᠬᠤ ᠬᠡᠷᠡᠭᠲᠡᠶ ᠭᠡᠵᠦ ᠵᠢᠭᠠᠨ | ᠭᠠᠷᠭᠠᠪᠠ᠃ | ᠬᠤᠷᠠᠯ ᠠᠴᠠ᠂ ᠡᠯ᠎ᠡ ᠲᠥᠯᠥᠭᠡᠯᠡᠭᠴᠢ ᠭᠡᠰᠢᠭᠦᠳ ᠤᠯᠤᠰ ᠲᠦᠷᠦ ᠶᠢᠨ ᠬᠠᠮᠲᠤ ᠶᠢᠨ ᠲᠠᠨᠢᠯᠲᠠ ᠪᠠᠨ | ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠬᠡᠷᠡᠭᠲᠡᠢ᠃ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ ᠴᠢᠩᠭᠠᠳᠬᠠᠵᠤ᠂ ᠳᠦᠷᠢ ᠶᠢᠨ ᠪᠠᠶᠢᠷᠢ ᠲᠣᠭᠲᠠᠭᠠᠯᠲᠠ ᠶᠢ | ᠲᠣᠳᠣᠷᠬᠠᠶᠢᠯᠠᠵᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠠᠵᠢᠯ ᠪᠠ | ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ | ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠰᠢᠭᠤᠨ ᠤ ᠨᠠᠮ ᠤᠨ ᠬᠤᠷᠢᠶ᠎ᠠ᠂ | ᠬᠤᠰᠢᠭᠤᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠯᠠᠪᠯᠠᠯᠲᠠ ᠪᠠ ᠦᠨᠳᠦᠰᠦᠯᠡᠯ ᠬᠠᠩᠭᠠᠬᠤ ᠬᠡᠷᠡᠭᠲᠡᠶ᠃ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠥᠭᠦᠷᠭᠡ | ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠨᠠᠮ ᠤᠨ ᠱᠤᠭᠤᠮ ᠴᠢᠭᠯᠡᠯᠲᠡ ᠲᠥᠷᠥ ᠶᠢᠨ | ᠪᠣᠳᠣᠯᠭ᠎ᠠ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠢᠳᠡᠪᠬᠢᠲᠡᠶ ᠤᠬᠠᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠲᠠᠭᠤᠨ ᠢ ᠴᠠᠭ ᠲᠤᠬᠠᠶ ᠳᠤᠨᠢ ᠣᠯᠠᠨ ᠲᠦᠮᠡᠨ ᠤ ᠳᠤᠮᠳᠠ ᠳᠠᠮᠵᠢᠭᠤᠯᠵᠤ᠂ ᠥᠷᠭᠡᠨ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢ ᠣᠶᠢᠯᠠᠭᠠᠭᠤᠯᠵᠤ᠂ ᠳᠡᠮᠵᠢᠬᠦ | ᠪᠠ ᠣᠷᠣᠯᠴᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ︵ | ᠰᠤᠷᠪᠤᠯᠵᠢᠯᠠᠭᠴᠢ / ᠮᠠ ᠱᠦ ᠢᠦᠢ︶ |