ᠣᠷᠤᠢ ᠶᠢᠨ ᠰᠦᠮ᠎ᠡ ᠰᠣᠮᠤ ᠄ ᠣᠯᠠᠨ  ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠦᠨᠳᠦᠰᠦᠨ ᠱᠠᠲᠤᠨ ᠤ ᠡᠳ᠋ ᠤᠨ ᠵᠠᠰᠠᠭ ᠤᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/4/2
        ᠦᠨᠳᠦᠰᠦᠨ ᠱᠠᠲᠤᠨ ᠤ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠣᠷᠤᠢ ᠶᠢᠨ ᠰᠦᠮ᠎ᠡ ᠰᠤᠮᠤ ᠶᠢᠨ ᠡᠳ᠋ ᠤᠨ ᠵᠠᠰᠠᠭ ᠤᠨ ᠠᠵᠢᠯ ᠤᠨ ᠪᠠᠶᠢᠷᠢ ᠶᠢᠨ ᠬᠢᠨ ᠨᠢ ᠠᠵᠢᠯ ᠤᠨ ᠰᠠᠬᠢᠯᠭ᠎ᠠ ᠪᠠᠲᠤ᠂ ᠠᠵᠢᠯ ᠤᠨ ᠲᠠᠰ ᠳᠠᠷᠠᠭᠠᠯᠠᠯ᠂ ᠠᠵᠢᠯ ᠤᠨ ᠪᠠᠷᠢᠮᠵᠢᠶ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠦᠢᠯᠡᠴᠢᠯᠡᠭᠡᠨ ᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃    ᠡᠳ᠋ ᠤᠨ ᠶᠠᠪᠤᠳᠠᠯ ᠤᠨ ᠳᠦᠷᠢᠮ ᠢ ᠵᠢᠷᠤᠮᠵᠢᠭᠤᠯᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ  ᠴᠢᠩᠭᠠᠷᠠᠭᠤᠯᠪᠠ᠃ ᠰᠤᠮᠤ ᠶᠢᠨ ᠡᠳ᠋ ᠤᠨ ᠵᠠᠰᠠᠭ ᠤᠨ ᠠᠵᠢᠯ ᠤᠨ ᠪᠠᠶᠢᠷᠢ ᠳᠤ ︽ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠭᠤᠤᠯᠳᠠᠯᠭ᠎ᠠ ᠶᠢ ᠪᠠᠲᠤᠯᠠᠬᠤ︾ ᠠᠵᠢᠯ ᠤᠨ ᠵᠠᠷᠴᠢᠮ ᠢ ᠴᠢᠩᠭ᠎ᠠ ᠬᠡᠷᠡᠭᠵᠢᠭᠦᠯᠵᠦ᠂ ᠲᠥᠰᠦᠪ ᠤᠨ ᠲᠠᠰ ᠳᠠᠷᠠᠭᠠᠯᠠᠯ ᠢ ᠦᠨᠡᠨ ᠬᠦ ᠵᠢᠷᠤᠮᠵᠢᠭᠤᠯᠤᠨ᠂ ᠨᠡᠶᠢᠭᠡᠮ ᠨᠡᠶᠢᠲᠡ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠳ᠋ ᠤᠨ ᠶᠠᠪᠤᠳᠠᠯ ᠤᠨ ᠲᠦᠷᠢᠮ ᠢ ᠵᠢᠷᠤᠮᠵᠢᠭᠤᠯᠤᠨ᠂ ᠲᠠᠩᠰᠠ ᠮᠡᠳᠡᠭᠦᠯᠬᠦ ᠳᠤᠲᠠᠭᠤᠳᠠᠯ ᠢ ᠬᠤᠷᠢᠭᠯᠠᠵᠤ᠂ ᠵᠠᠷᠤᠯᠭ᠎ᠠ ᠨᠢᠭᠡᠪᠦᠷᠢ ᠶᠢ ᠵᠦᠶ ᠵᠣᠬᠢᠰᠲᠠᠶ᠂ ᠬᠠᠤᠯᠢ ᠶᠣᠰᠣᠨ ᠳᠤ᠂ ᠲᠣᠭᠲᠠᠭᠠᠯ ᠳᠤ  ᠨᠡᠶᠢᠴᠡᠭᠦᠯᠪᠡ᠃    ᠳᠣᠲᠣᠭᠠᠳᠤ ᠡᠵᠡᠮᠳᠡᠯ ᠤᠨ ᠳᠦᠷᠢᠮ ᠢ ᠪᠦᠷᠢᠨᠰᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠪᠠ᠃ ᠰᠤᠮᠤ ᠶᠢᠨ ᠡᠳ᠋ ᠤᠨ ᠵᠠᠰᠠᠭ ᠤᠨ ᠠᠵᠢᠯ ᠤᠨ ᠪᠠᠶᠢᠷᠢ ᠳᠤ ᠰᠤᠮᠤ ᠶᠢᠨ ᠱᠠᠲᠤᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠠᠩᠰᠠ ᠡᠪᠬᠡᠮᠡᠯ ᠪᠠᠶᠢᠭᠤᠯᠬᠤ᠂ ᠠᠯᠪᠠᠨ ᠲᠠᠮᠠᠭ᠎ᠠ ᠶᠢᠨ ᠬᠠᠮᠢᠶᠠᠷᠤᠯᠲᠠ᠂ ᠫᠢᠶᠣᠣ ᠪᠠᠷᠢᠮᠲᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠲᠦᠷᠢᠮ ᠢ ᠵᠢᠷᠤᠮᠵᠢᠭᠤᠯᠤᠨ᠂ ᠡᠳᠦᠷ ᠲᠤᠲᠤᠮ ᠤᠨ ᠠᠵᠢᠯ ᠤᠨ ᠳᠤᠮᠳᠠ ᠪᠠᠨ ᠲᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠡᠯ᠎ᠡ ᠲᠥᠷᠥᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠵᠢᠷᠤᠮᠵᠢᠯ ᠲᠠᠢ ᠢᠯᠡ ᠲᠣᠳᠣ ᠪᠠᠶᠢᠬᠤ ᠶᠢ  ᠪᠠᠲᠤᠯᠠᠪᠠ︔ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠥᠮᠦᠨ ᠳᠤ ᠨᠠᠶᠢᠳᠠᠪᠤᠷᠢᠵᠢᠭᠤᠯᠤᠨ᠂ ᠬᠠᠷᠢᠯᠴᠠᠨ ᠬᠢᠨᠠᠯᠲᠠ ᠲᠠᠯᠪᠢᠬᠤ᠂ ᠬᠠᠷᠢᠯᠴᠠᠨ ᠬᠢᠵᠠᠭᠠᠷᠯᠠᠬᠤ᠂ ᠥᠨᠳᠥᠷ ᠪᠦᠲᠦᠮᠵᠢᠲᠡᠢ ᠠᠵᠢᠯᠯᠠᠬᠤ ᠶᠢ  ᠪᠡᠶᠡᠯᠡᠭᠦᠯᠪᠡ᠃    ᠲᠣᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠡᠩᠨᠡᠭᠡ ᠪᠠᠶᠢᠭᠤᠯᠤᠯᠲᠠ ᠶᠢ ᠴᠢᠩᠭᠠᠷᠠᠭᠤᠯᠪᠠ᠃ ᠰᠤᠮᠤ ᠶᠢᠨ ᠡᠳ᠋ ᠤᠨ ᠵᠠᠰᠠᠭ ᠠᠵᠤ ᠠᠬᠤᠶ ᠶᠢᠨ ᠡᠯ᠎ᠡ ᠲᠦᠷᠢᠮ ᠲᠣᠭᠲᠠᠭᠠᠯ ᠢ ᠢᠳᠡᠪᠬᠢᠲᠡᠶ ᠰᠤᠷᠤᠯᠴᠠᠵᠤ᠂ ᠡᠳ᠋ ᠤᠨ ᠶᠠᠪᠤᠳᠠᠯ ᠤᠨ ᠲᠦᠷᠢᠮ ᠵᠢᠴᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠪᠠ ᠵᠣᠷᠢᠭ ᠰᠠᠨᠠᠭ᠎ᠠ ᠶᠢ ᠦᠳᠲᠡᠷ ᠲᠦᠷᠭᠡᠨ ᠠᠵᠢᠯ ᠲᠠᠢ ᠠᠭᠤᠰᠤᠯᠴᠠᠭᠤᠯᠵᠤ᠂ ᠰᠤᠮᠤ ᠭᠠᠴᠠᠭᠠᠨ ᠤ ᠱᠠᠲᠤᠨ ᠤ ᠡᠳ᠋ ᠤᠨ ᠶᠠᠪᠤᠳᠠᠯ ᠤᠨ ᠲᠦᠷᠢᠮ ᠢ ᠨᠠᠷᠢᠨ ᠬᠢᠨᠠᠮᠠᠭᠠᠶ ᠰᠤᠷᠤᠯᠴᠠᠨ ᠡᠵᠡᠮᠰᠢᠵᠦ᠂ ᠲᠣᠰ ᠪᠡᠶ᠎ᠡ ᠶᠢᠨ ᠣᠨᠣᠯ ᠤᠨ ᠬᠢᠷᠢ ᠲᠦᠪᠰᠢᠨ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠳᠡᠭᠡᠭᠰᠢᠯᠡᠭᠦᠯᠦᠨ᠂ ᠡᠳ᠋ ᠤᠨ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠵᠠᠰᠠᠭ ᠤᠨ ᠣᠷᠳᠣᠨ ᠤ ᠠᠵᠢᠯᠯᠠᠭᠠᠨ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠦᠨᠡᠨ ᠬᠦ ᠪᠠᠲᠤᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号