ᠠᠤᠬᠠᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ 2025 ᠣᠨ  ᠤ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠬᠤᠶᠠᠳᠤᠭᠠᠷ ᠪᠦᠯᠦᠭ ᠲᠡᠳᠬᠦᠨ ᠳᠡᠮᠵᠢᠬᠦ ᠲᠥᠷᠥᠯ ᠵᠦᠢᠯ ᠤᠨ ᠪᠠᠯᠠ ᠮᠥᠩᠭᠦ ᠶᠢ 825 ᠲᠦᠮᠡᠨ ᠲᠥᠭᠦᠷᠢᠭ ᠴᠢᠷᠮᠠᠶᠢᠨ  ᠣᠯᠪᠠ
ᠨᠡᠶᠢᠲᠡᠯᠡᠭᠰᠡᠨ ᠴᠠᠭ᠄
2025/4/2
    ᠣᠨᠳᠣᠤ ᠭᠠᠵᠠᠷ ᠲᠤ ᠨᠡᠭᠦᠯᠭᠡᠨ ᠲᠥᠪᠯᠡᠷᠡᠭᠦᠯᠦᠨ ᠲᠥᠪᠬᠢᠨᠡᠭᠦᠯᠬᠦ ᠣᠷᠣᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠥᠷᠢᠯᠡᠵᠦ᠂ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠵᠦ᠂ ᠣᠨᠳᠣᠤ ᠭᠠᠵᠠᠷ ᠲᠤ ᠨᠡᠭᠦᠯᠭᠡᠭᠰᠡᠨ ᠣᠯᠠᠨ ᠲᠦᠮᠡᠨ ᠤ ︽ᠨᠡᠭᠦᠯᠭᠡᠵᠦ ᠳᠡᠶᠢᠯᠬᠦ᠂ ᠲᠣᠭᠲᠠᠭᠤᠨ ᠪᠠᠶᠢᠯᠭᠠᠵᠤ ᠳᠡᠶᠢᠯᠬᠦ᠂ ᠪᠠᠶᠠᠵᠢᠵᠤ ᠳᠡᠶᠢᠯᠬᠦ︾ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠤᠬᠠᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠢᠳᠡᠪᠬᠢᠲᠡᠶ ᠴᠢᠷᠮᠠᠶᠢᠨ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠠᠤᠬᠠᠨ ᠬᠤᠰᠢᠭᠤᠨ ᠤ 2025 ᠣᠨ ᠤ ᠬᠤᠶᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠲᠥᠷᠥᠯ ᠵᠦᠢᠯ ᠤᠨ ᠪᠠᠯᠠ ᠮᠥᠩᠭᠦ ᠶᠢ 825 ᠲᠦᠮᠡᠨ ᠲᠥᠭᠦᠷᠢᠭ ᠪᠠᠭᠤᠯᠭᠠᠵᠤ᠂ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ ᠣᠷᠣᠨ ᠤ ᠰᠠᠭᠤᠷᠢ ᠲᠥᠬᠦᠭᠡᠷᠦᠮᠵᠢ ᠪᠠ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠳᠤ  ᠬᠡᠷᠡᠭᠯᠡᠨ᠎ᠡ᠃    ᠲᠥᠷᠥᠯ ᠵᠦᠢᠯ ᠤᠨ ᠠᠵᠢᠯ ᠳᠠᠭᠤᠰᠴᠤ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠪᠦᠷᠢ 34.25 ᠲᠦᠮᠡᠨ ᠲᠥᠭᠦᠷᠢᠭ ᠤᠨ ᠠᠰᠢᠭ ᠣᠯᠵᠠᠪᠤᠷᠢ ᠶᠢᠨ ᠮᠥᠩᠭᠦ ᠬᠤᠷᠢᠶᠠᠵᠤ᠂ ᠣᠷᠣᠨ ᠤ ᠠᠵᠤ ᠦᠢᠯᠡᠰ ᠤᠨ ᠲᠥᠷᠥᠯ ᠵᠦᠢᠯ ᠵᠢᠴᠢ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ ᠳᠤ ᠬᠡᠷᠡᠭᠯᠡᠨ᠎ᠡ᠃ ᠪᠠᠰᠠ ᠲᠥᠪᠬᠢᠨᠡᠭᠦᠯᠬᠦ ᠣᠷᠣᠨ ᠳᠤ ᠨᠡᠭᠦᠭᠰᠡᠨ ᠣᠯᠠᠨ ᠲᠦᠮᠡᠨ ᠳᠤ 50  ᠭᠠᠷᠤᠢ ᠠᠵᠢᠯ ᠣᠯᠭᠤᠬᠤ ᠵᠢᠴᠢ ᠬᠥᠳᠡᠯᠮᠦᠷᠢ ᠬᠦᠴᠦᠨ ᠤ ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠬᠠᠩᠭᠠᠵᠤ᠂ ᠲᠥᠪᠬᠢᠨᠡᠭᠦᠯᠬᠦ ᠣᠷᠣᠨ ᠤ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号