ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2025/4/2
C:\Users\Administrator\Desktop\1.jpg
    3 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠬᠤᠷᠠᠯ ᠵᠢᠴᠢ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠪᠠ᠃  ᠬᠡᠰᠡᠭ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠬᠡᠰᠡᠭ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠪᠠ᠃ ᠠᠤᠬᠠᠨ ᠬᠤᠰᠢᠭᠤᠨ ᠤ ᠪᠦᠦ ᠹᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ 30 ᠲᠦᠮᠡᠨ ᠲᠣᠨ / ᠵᠢᠯ ᠤᠨ ᠲᠡᠮᠦᠷ ᠤᠨ ᠬᠦᠳᠡᠷ ᠤᠨ ᠭᠠᠵᠠᠷ ᠳᠣᠣᠷᠠᠬᠢ ᠨᠡᠭᠡᠭᠡᠨ ᠮᠠᠯᠲᠠᠬᠤ ᠥᠷᠭᠡᠳᠬᠡᠨ ᠪᠠᠶᠢᠭᠤᠯᠬᠤ ᠲᠥᠷᠥᠯ ᠵᠦᠢᠯ ᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠣᠤᠷᠠᠭ︶︾᠂ ︽ᠠᠤᠬᠠᠨ ᠬᠤᠰᠢᠭᠤᠨ ᠤ ᠲᠣᠰ ᠱᠠᠲᠤᠨ ᠤ ᠨᠠᠮ ᠵᠠᠰᠠᠭ ᠪᠠᠶᠢᠭᠤᠯᠭ᠎ᠠ ᠶᠢᠨ ᠠᠯᠪᠠᠨ ᠶᠠᠪᠤᠳᠠᠯ ᠤᠨ ᠭᠥᠯᠢᠶᠡᠨ ᠠᠪᠬᠤ ᠬᠠᠮᠢᠶᠠᠷᠤᠯᠲᠠ ᠶᠢᠨ ᠠᠷᠭ᠎ᠠ︾ ᠪᠣᠯᠤᠨ ︽ᠠᠭᠤᠷᠬᠠᠶ ᠶᠢᠨ ᠦᠢᠯᠡᠰ ᠤᠨ ᠡᠷᠬᠡ ᠶᠢ ᠬᠠᠮᠲᠤᠷᠠᠨ ᠨᠡᠭᠡᠭᠡᠨ ᠬᠥᠭᠵᠢᠭᠦᠯᠬᠦ ᠪᠣᠷᠣ ᠲᠥᠯᠥᠪ ᠤᠨ ᠵᠥᠪᠯᠡᠯᠴᠡᠭᠡᠷ︾ ᠢ ᠬᠢᠨᠠᠨ ᠵᠥᠪᠯᠡᠪᠡ᠃  ︵ᠰᠤᠷᠪᠤᠯᠵᠢᠯᠠᠭᠴᠢ  /  ᠲᠠᠨ ᠬᠤᠸᠠ ︶
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号