| | | 4 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ | ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 90 ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠪᠠ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ | ᠬᠤᠯᠪᠣᠭᠳᠠᠯ ᠪᠦᠬᠦᠢ ᠬᠤᠷᠠᠯ ᠪᠣᠯᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠬᠠᠮᠢᠶ᠎ᠠ ᠪᠦᠬᠦᠢ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠂ ᠨᠠᠮ ᠤᠨ ᠲᠥᠪ ᠬᠤᠷᠢᠶᠠᠨ ᠤ ᠠᠵᠤ ᠠᠬᠤᠶ ᠶᠢᠨ ᠠᠵᠢᠯ ᠤᠨ ᠲᠤᠬᠠᠶ ᠵᠢᠮ᠎ᠡ ᠶᠣᠰᠣᠴᠢ | ᠴᠢᠨᠠᠷᠲᠠᠶ ᠲᠠᠨᠢᠯᠲᠠ ᠶᠢ ᠭᠦᠨᠵᠡᠭᠡᠶ ᠣᠶᠢᠯᠠᠭᠠᠵᠤ᠂ ︽ᠲᠠᠪᠤ ᠶᠢ ᠡᠷᠬᠡᠪᠰᠢ ᠨᠢᠭᠡᠳᠦᠯᠲᠡᠶ ᠲᠥᠯᠥᠪᠯᠡᠬᠦ︾ ᠶᠢ | ᠣᠨᠣᠪᠴᠢᠲᠠᠶ ᠡᠵᠡᠮᠰᠢᠨ ᠬᠡᠷᠡᠭᠯᠡᠵᠦ᠂ ᠨᠠᠮ ᠤᠨ ᠠᠵᠤ ᠠᠬᠤᠶ ᠶᠢᠨ ᠠᠵᠢᠯ ᠳᠠᠬᠢ ᠪᠥᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠨ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠪᠣᠳᠠᠲᠤ ᠠᠮᠵᠢᠯᠲᠠ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠪᠠᠷ ᠴᠢᠬᠤᠯᠠ ᠭᠠᠷᠳᠠᠴᠠ ᠪᠣᠯᠭᠠᠵᠤ᠂ ᠬᠥᠭᠵᠢᠯᠲᠡ ᠶᠢᠨ ᠶᠠᠰᠤ ᠴᠢᠨᠠᠷ ᠢ ᠬᠦᠴᠦᠯᠡᠨ | ᠳᠡᠭᠡᠭᠰᠢᠯᠡᠭᠦᠯᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠣᠵᠠᠭᠠᠶᠢᠷᠠᠭᠤᠯᠬᠤ ᠬᠡᠷᠡᠭᠲᠡᠢ᠃ ︽ᠰᠢᠨᠵᠢᠯᠡᠬᠦ | ᠤᠬᠠᠭᠠᠨ ᠮᠡᠷᠭᠡᠵᠢᠯ ᠤᠨ ᠪᠦᠰᠡᠯᠡᠯᠲᠡ︾ ᠶᠢ ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠳᠤ | ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠬᠡᠷᠡᠭᠯᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠡᠷᠡᠭᠯᠡᠭᠡᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ | ᠬᠡᠷᠡᠭᠲᠡᠢ᠃ ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠪᠣᠳᠠᠲᠠᠢ ᠠᠳᠬᠤᠵᠤ᠂ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠪᠠᠬᠢᠵᠢᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠳᠡᠮᠵᠢᠵᠦ᠂ ᠠᠵᠤ ᠠᠬᠤᠶᠢᠯᠠᠯ ᠤᠨ | ᠳᠣᠲᠣᠭᠠᠳᠤ ᠶᠢᠨ ᠬᠥᠳᠡᠯᠭᠡᠬᠦ ᠬᠦᠴᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ | ᠭᠡᠵᠦ ᠴᠢᠬᠤᠯᠠᠴᠢᠯᠠᠪᠠ᠃ | ᠬᠤᠷᠠᠯ ᠠᠴᠠ᠂ ︽ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ | ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ ᠡᠭᠦᠷᠭᠡᠯᠡᠬᠦ᠂ | ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠵᠤ᠂ | ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠤᠯᠠᠨ | ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ | ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠨᠡᠶᠢᠭᠡᠮ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠮᠲᠤ ᠪᠠᠷ | ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠬᠡᠷᠡᠭᠲᠡᠢ᠃ | ᠰᠢᠨ᠎ᠡ ᠪᠠᠷ ᠬᠥᠭᠵᠢᠭᠰᠡᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ | ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ | ᠡᠷᠬᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ | ᠦᠭᠡᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ | ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠵᠠᠶ᠃ ︵ᠰᠤᠷᠪᠤᠯᠵᠢᠯᠠᠭᠴᠢ / ᠸᠠᠩ ᠾᠧ ᠨᠠᠨ︶ |